ᠣᠶᠢᠷ᠎ᠠ ᠶᠢᠨ ᠵᠢᠯ ᠤᠳ ᠲᠤ᠂ ᠬᠤᠷᠴᠢᠨ ᠲᠣᠭᠤᠷᠢᠭ ᠤᠨ ᠬᠢᠨ ᠰᠤᠷᠭᠠᠨ ᠬᠥᠮᠦᠵᠢᠯ ᠤᠨ ᠪᠠᠭᠲᠠᠭᠠᠮᠵᠢ ᠶᠢ | ᠥᠷᠭᠡᠳᠬᠡᠨ ᠣᠷᠣᠨ ᠪᠠᠶᠢᠷᠢ ᠶᠢ ᠨᠡᠮᠡᠭᠳᠡᠭᠦᠯᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠰᠤᠷᠭᠠᠭᠤᠯᠢ ᠰᠣᠩᠭᠤᠬᠤ | ᠬᠠᠯᠠᠮᠰᠢᠯ︾ ︽ᠰᠣᠷᠣᠭᠴᠢ ᠣᠯᠠᠨᠲᠠᠢ ᠠᠩᠭᠢ ᠶᠢᠨ ᠲᠤᠭ᠎ᠠ︾ ᠵᠡᠷᠭᠡ ᠬᠠᠯᠠᠮᠰᠢᠯ ᠠᠰᠠᠭᠤᠳᠠᠯ ᠢ ᠬᠦᠴᠦ ᠪᠠᠨ | ᠲᠥᠪᠯᠡᠷᠡᠭᠦᠯᠦᠨ ᠰᠢᠢᠳᠪᠦᠷᠢᠯᠡᠵᠦ ᠪᠠᠶᠢᠨ᠎ᠠ᠃ 2022 ᠣᠨ ᠠᠴᠠ ᠨᠠᠰᠢ᠂ ᠰᠢᠨ᠎ᠡ ᠪᠠᠷ 2 ᠪᠠᠭ᠎ᠠ ᠰᠤᠷᠭᠠᠭᠤᠯᠢ | ᠪᠠᠶᠢᠭᠤᠯᠵᠤ᠂ ᠬᠤᠷᠴᠢᠨ ᠲᠣᠭᠤᠷᠢᠭ ᠤᠨ ᠭᠤᠷᠪᠠᠳᠤᠭᠠᠷ ᠳᠤᠮᠳᠠᠳᠤ ᠰᠤᠷᠭᠠᠭᠤᠯᠢ ᠶᠢ ᠨᠡᠭᠦᠯᠭᠡᠨ ᠪᠠᠶᠢᠭᠤᠯᠵᠤ᠂ ᠪᠠᠭ᠎ᠠ | ᠰᠤᠷᠭᠠᠭᠤᠯᠢ ᠶᠢᠨ ᠰᠣᠷᠣᠭᠴᠢ ᠶᠢᠨ ᠣᠷᠣᠨ ᠲᠤᠭ᠎ᠠ 2160᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠣᠷᠣᠭᠴᠢ ᠶᠢᠨ ᠣᠷᠣᠨ ᠲᠤᠭ᠎ᠠ ᠶᠢ 400 ᠨᠡᠮᠡᠭᠳᠡᠭᠦᠯᠵᠡᠢ᠃ ᠡᠭᠦᠨ ᠤ ᠬᠠᠮᠲᠤ᠂ ᠪᠦᠯᠦᠭᠯᠡᠯᠵᠢᠭᠰᠡᠨ | ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ᠂ ᠮᠢᠩ ᠷᠧᠨ ᠲᠤᠷᠰᠢᠯᠲᠠ ᠶᠢᠨ ᠪᠠᠭ᠎ᠠ ᠰᠤᠷᠭᠠᠭᠤᠯᠢ᠂ ᠬᠤᠷᠴᠢᠨ | ᠲᠣᠭᠤᠷᠢᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠤᠯᠭ᠎ᠠ ᠶᠢᠨ ᠱᠠᠲᠤᠨ ᠤ ᠪᠦᠯᠦᠭᠯᠡᠯᠵᠢᠭᠰᠡᠨ ᠰᠤᠷᠭᠠᠭᠤᠯᠢ ᠡᠷᠭᠢᠯᠡᠬᠦ ᠰᠤᠷᠭᠠᠨ ᠬᠥᠮᠦᠵᠢᠯ ᠤᠨ ᠬᠤᠯᠪᠣᠭ᠎ᠠ ᠶᠢ 4 | ᠪᠠᠶᠢᠭᠤᠯᠵᠤ᠂ 19000 ᠭᠠᠷᠤᠢ ᠰᠣᠷᠣᠭᠴᠢ ᠳᠤ ᠠᠰᠢᠭ ᠬᠦᠷᠲᠡᠭᠡᠪᠡ᠃ ᠡᠭᠦᠨ ᠠᠴᠠ ᠭᠠᠳᠠᠨ᠎ᠠ᠂ ᠭᠤᠣᠯᠳᠠᠯᠭ᠎ᠠ ᠲᠠᠢ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠹᠧᠩ ᠲᠢᠶᠠᠨ ᠤ ᠠᠷᠠᠳᠴᠢᠯᠠᠭᠰᠠᠨ | ᠰᠤᠷᠭᠠᠭᠤᠯᠢ ᠶᠢᠨ ᠹᠧᠩ ᠢᠦᠢ ᠪᠥᠮᠪᠥᠭᠡᠨ ᠣᠷᠳᠣᠨ ᠵᠡᠷᠭᠡ ᠲᠥᠷᠥᠯ ᠵᠦᠢᠯ ᠤᠨ ᠠᠵᠢᠯ ᠢᠶᠠᠨ ᠤᠷᠤᠭᠰᠢᠲᠠᠢ | ᠰᠡᠷᠭᠦᠭᠡᠵᠦ᠂ ᠬᠤᠷᠴᠢᠨ ᠲᠣᠭᠤᠷᠢᠭ ᠤᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠬᠤᠭᠤᠴᠠᠭ᠎ᠠ | ᠵᠡᠷᠭᠡ ᠲᠥᠷᠥᠯ ᠵᠦᠢᠯ ᠤᠨ ᠬᠡᠮᠵᠢᠨ ᠵᠢᠷᠤᠬᠤ ᠵᠢᠴᠢ ᠲᠥᠷᠥᠯ ᠵᠦᠢᠯ ᠲᠣᠭᠲᠠᠭᠠᠬᠤ ᠶᠢᠨ ᠴᠣᠬᠤᠯᠠᠪᠤᠷᠢ ᠶᠢ | ᠭᠦᠢᠴᠡᠳᠬᠡᠬᠦ ᠵᠡᠷᠭᠡ ᠠᠵᠢᠯ ᠢ ᠪᠡᠶᠡᠯᠡᠭᠦᠯᠪᠡ᠃ |