ᠬᠤᠷᠴᠢᠨ ᠲᠣᠭᠤᠷᠢᠭ᠄ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2023/10/25
     ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠦᠴᠦᠯᠡᠨ ᠴᠢᠩᠭᠠᠳᠬᠠᠵᠤ᠂ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ᠱᠠᠭᠠᠷᠳᠠᠯᠭ᠎ᠠ ᠶᠣᠰᠣᠭᠠᠷ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠬᠤᠷᠴᠢᠨ ᠲᠣᠭᠤᠷᠢᠭ ᠤᠨ ᠬᠢᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠳ ᠠᠶᠤᠯᠭᠦᠢ ᠦᠢᠯᠡᠳᠪᠦᠷᠢᠯᠡᠯ ᠤᠨ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠢ ᠪᠦᠷᠢᠨᠰᠢᠭᠦᠯᠵᠦ᠂ ᠵᠣᠬᠢᠴᠠᠩᠭᠤᠢ ᠢᠵᠢ ᠪᠦᠷᠢᠳᠦᠭᠦᠯᠦᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠠᠶᠢᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠲᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号