ᠬᠤᠰᠢᠭᠤ ᠰᠢᠶᠠᠨ ᠬᠤᠲᠠ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ | ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠬᠤᠷᠴᠢᠨ ᠲᠣᠭᠤᠷᠢᠭ ᠤᠨ ᠲᠦᠷᠦᠭᠦᠸ | ᠭᠤᠷᠪᠠᠨ ᠤᠯᠠᠷᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 237.03 ᠳ᠋ᠦᠩᠰᠢᠭᠤᠷ | ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6. | 1% ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 12.12 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠪᠡ︔ ᠬᠤᠶᠠᠳᠤᠭᠠᠷ ᠠᠵᠤ | ᠦᠢᠯᠡᠰ ᠤᠨ ᠨᠡᠮᠡᠭᠳᠡᠯ ᠥᠷᠲᠡᠭ 65.93 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 6.0% ᠨᠡᠮᠡᠭᠳᠡᠪᠡ᠂ ᠡᠭᠦᠨ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 45.37 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.0% ᠪᠠᠭᠤᠷᠠᠪᠠ︔ ᠭᠤᠷᠪᠠᠳᠤᠭᠠᠷ ᠠᠵᠤ | ᠦᠢᠯᠡᠰ ᠤᠨ ᠨᠡᠮᠡᠭᠳᠡᠯ ᠥᠷᠲᠡᠭ 158.98 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 6.0% ᠨᠡᠮᠡᠭᠳᠡᠪᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ | ᠬᠢ ᠠᠴᠠ 1.2% ᠢᠶᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 141.14 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.8% ᠪᠠᠷ ᠪᠠᠭᠤᠷᠠᠪᠠ; ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 64.8% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠬᠡᠮᠵᠢᠶ᠎ᠡ 81.90 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 2.4% ᠨᠡᠮᠡᠭᠳᠡᠪᠡ︔ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ 28457 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ᠃ | ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 33838 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% | ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17635 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 8.1% ᠨᠡᠮᠡᠭᠳᠡᠪᠡ᠃ | ᠭᠤᠣᠯ ᠲᠤᠭ᠎ᠠ ᠪᠦᠷᠢᠳᠬᠡᠯ ᠤᠨ ᠭᠦᠢᠴᠡᠳᠬᠡᠯ ᠲᠣᠭᠠᠨ ᠤ ᠲᠠᠶᠢᠯᠪᠤᠷᠢ | 1.ᠦᠢᠯᠡᠳᠪᠦᠷᠢᠯᠡᠯ ᠤᠨ ᠶᠡᠷᠦᠩᠬᠡᠢ ᠦᠷᠳᠡᠭ ︵GDP︶᠄ ᠨᠢᠭᠡ ᠤᠯᠤᠰ ︵ᠪᠤᠶᠤ ᠭᠠᠵᠠᠷ ᠣᠷᠣᠨ︶ ᠤᠨ ᠪᠤᠢ | ᠪᠦᠬᠦᠢ ᠪᠠᠶᠢᠩᠭᠤ ᠰᠠᠭᠤᠭ᠎ᠠ ᠨᠢᠭᠡᠴᠢ ᠶᠢᠨ ᠵᠣᠬᠢᠬᠤ ᠬᠤᠭᠤᠴᠠᠭᠠᠨ ᠳᠠᠬᠢ ᠦᠢᠯᠡᠳᠪᠦᠷᠢᠯᠡᠯ ᠤᠨ ᠠᠵᠢᠯᠯᠠᠭ᠎ᠠ ᠶᠢᠨ | ᠬᠠᠮᠤᠭ ᠡᠴᠦᠰ ᠤᠨ ᠦᠷ᠎ᠡ ᠪᠦᠲᠦᠭᠡᠯ ᠢ ᠵᠢᠭᠠᠵᠤ ᠪᠠᠶᠢᠨ᠎ᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ | ᠪᠦᠬᠦ ᠤᠶᠢᠷᠳᠡᠭ ᠲᠤ ᠭᠤᠷᠪᠠᠨ ᠵᠦᠢᠯ ᠤᠨ ᠢᠯᠡᠷᠡᠬᠦ ᠬᠡᠯᠪᠡᠷᠢ ᠪᠠᠶᠢᠳᠠᠭ᠂ ᠲᠤᠬᠠᠶᠢᠯᠠᠪᠠᠯ ᠤᠶᠢᠷᠳᠡᠭ ᠤᠨ ᠬᠡᠯᠪᠡᠷᠢ᠂ | ᠣᠷᠣᠯᠭ᠎ᠠ ᠶᠢᠨ ᠬᠡᠯᠪᠡᠷᠢ ᠪᠠ ᠦᠢᠯᠡᠳᠬᠦᠨ ᠤ ᠬᠡᠯᠪᠡᠷᠢ ᠪᠣᠯᠣᠨ᠎ᠠ᠃ ᠦᠷᠲᠡᠭ ᠤᠨ ᠬᠡᠯᠪᠡᠷᠢ ᠪᠠᠶᠢᠳᠠᠯ ᠠᠴᠠ ᠠᠪᠴᠤ | ᠦᠵᠡᠪᠡᠯ᠂ ᠲᠡᠷᠡ ᠪᠣᠯ ᠪᠤᠢ ᠪᠦᠬᠦᠢ ᠪᠠᠶᠢᠩᠭᠤ ᠰᠠᠭᠤᠭ᠎ᠠ ᠨᠢᠭᠡᠴᠢ ᠶᠢᠨ ᠵᠣᠬᠢᠬᠤ ᠬᠤᠭᠤᠴᠠᠭᠠᠨ ᠳᠤ | ᠦᠢᠯᠡᠳᠪᠦᠷᠢᠯᠡᠭᠰᠡᠨ ᠪᠦᠬᠦ ᠪᠠᠷᠠᠭ᠎ᠠ ᠪᠣᠯᠣᠨ ᠦᠢᠯᠡᠴᠢᠯᠡᠭᠡᠨ ᠤ ᠦᠷᠲᠡᠭ ᠬᠢᠭᠡᠳ ᠠᠳᠠᠯᠢ ᠬᠤᠭᠤᠴᠠᠭᠠᠨ ᠳᠤ | ᠣᠷᠣᠭᠤᠯᠤᠭᠰᠠᠨ ᠪᠦᠬᠦ ᠲᠣᠭᠲᠠᠮᠠᠯ ᠪᠤᠰᠤ ᠬᠥᠷᠥᠩᠭᠡ ᠶᠢᠨ ᠪᠠᠷᠠᠭ᠎ᠠ ᠪᠣᠯᠣᠨ ᠦᠢᠯᠡᠴᠢᠯᠡᠭᠡᠨ ᠤ ᠦᠷᠲᠡᠭ ᠤᠨ | ᠵᠥᠷᠢᠶ᠎ᠡ᠂ ᠲᠤᠬᠠᠶᠢᠯᠠᠪᠠᠯ ᠪᠤᠢ ᠪᠦᠬᠦᠢ ᠪᠠᠶᠢᠩᠭᠤ ᠰᠠᠭᠤᠭ᠎ᠠ ᠨᠢᠭᠡᠴᠢ ᠶᠢᠨ ᠨᠡᠮᠡᠭᠳᠡᠯ ᠦᠷᠲᠡᠭ ᠤᠨ ᠨᠡᠶᠢᠯᠡᠪᠦᠷᠢ | ᠪᠣᠯᠣᠨ᠎ᠠ; ᠣᠷᠣᠯᠭ᠎ᠠ ᠶᠢᠨ ᠬᠡᠯᠪᠡᠷᠢ ᠠᠴᠠ ᠠᠪᠴᠤ ᠦᠵᠡᠪᠡᠯ᠂ ᠲᠡᠷᠡ ᠪᠣᠯ ᠪᠤᠢ ᠪᠦᠬᠦᠢ ᠪᠠᠶᠢᠩᠭᠤ ᠰᠠᠭᠤᠭ᠎ᠠ | ᠨᠢᠭᠡᠴᠢ ᠶᠢᠨ ᠵᠣᠬᠢᠬᠤ ᠬᠤᠭᠤᠴᠠᠭᠠᠨ ᠤ ᠳᠣᠲᠣᠷ᠎ᠠ ᠡᠭᠦᠳᠦᠨ ᠪᠦᠲᠦᠭᠡᠭᠰᠡᠨ ᠡᠯ᠎ᠡ ᠵᠦᠢᠯ ᠤᠨ ᠣᠷᠣᠯᠭ᠎ᠠ ᠶᠢᠨ | ᠨᠡᠶᠢᠯᠡᠪᠦᠷᠢ ᠪᠣᠯᠣᠨ᠎ᠠ᠂ ᠡᠭᠦᠨ ᠳᠤ ᠬᠥᠳᠡᠯᠮᠦᠷᠢᠴᠢᠨ ᠤ ᠬᠥᠯᠥᠰᠦ ᠣᠯᠭᠤᠮᠵᠢ᠂ ᠦᠢᠯᠡᠳᠪᠦᠷᠢᠯᠡᠯ ᠤᠨ ᠭᠠᠶᠢᠯᠢ ᠶᠢᠨ | ᠴᠡᠪᠡᠷ ᠲᠤᠭ᠎ᠠ᠂ ᠲᠣᠭᠲᠠᠮᠠᠯ ᠬᠥᠷᠥᠩᠭᠡ ᠶᠢᠨ ᠡᠯᠡᠭᠳᠡᠯ ᠪᠠ ᠡᠵᠡᠩᠨᠡᠯᠲᠡ ᠶᠢᠨ ᠦᠯᠡᠳᠡᠪᠦᠷᠢ ᠪᠠᠭᠲᠠᠨ᠎ᠠ; ᠦᠢᠯᠡᠳᠬᠦᠨ ᠤ | ᠬᠡᠯᠪᠡᠷᠢ ᠪᠠᠶᠢᠳᠠᠯ ᠠᠴᠠ ᠠᠪᠴᠤ ᠦᠵᠡᠪᠡᠯ᠂ ᠲᠡᠷᠡ ᠨᠢ ᠪᠤᠢ ᠪᠦᠬᠦᠢ ᠪᠠᠶᠢᠩᠭᠤ ᠰᠠᠭᠤᠭ᠎ᠠ ᠨᠢᠭᠡᠴᠢ ᠶᠢᠨ ᠵᠣᠬᠢᠬᠤ | ᠬᠤᠭᠤᠴᠠᠭᠠᠨ ᠳᠤ ᠬᠠᠮᠤᠭ ᠡᠴᠦᠰ ᠲᠤ ᠬᠡᠷᠡᠭᠯᠡᠬᠦ ᠪᠠᠷᠠᠭ᠎ᠠ ᠪᠣᠯᠣᠨ ᠦᠢᠯᠡᠴᠢᠯᠡᠭᠡᠨ ᠤ ᠦᠷᠳᠡᠭ ᠬᠢᠭᠡᠳ ᠪᠠᠷᠠᠭ᠎ᠠ | ᠪᠣᠯᠣᠨ ᠦᠢᠯᠡᠴᠢᠯᠡᠭᠡᠨ ᠤ ᠴᠡᠪᠡᠷ ᠭᠠᠳᠠᠭᠠᠳᠤ ᠳᠤ ᠭᠠᠷᠭᠠᠬᠤ ᠦᠷᠳᠡᠭ ᠤᠨ ᠨᠡᠶᠢᠯᠡᠪᠦᠷᠢ ᠪᠣᠯᠣᠨ᠎ᠠ᠃ ᠪᠣᠳᠠᠲᠠᠢ | ᠲᠣᠭᠠᠴᠠᠭ᠎ᠠ ᠬᠢᠬᠦ ᠳᠤ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠲᠤ ᠭᠤᠷᠪᠠᠨ | ᠵᠦᠢᠯ ᠤᠨ ᠪᠤᠳᠤᠬᠤ ᠠᠷᠭ᠎ᠠ ᠪᠠᠶᠢᠳᠠᠭ᠂ ᠲᠤᠬᠠᠶᠢᠯᠠᠪᠠᠯ ᠦᠢᠯᠡᠳᠪᠦᠷᠢᠯᠡᠯ ᠤᠨ ᠬᠠᠤᠯᠢ᠂ ᠣᠷᠣᠯᠭ᠎ᠠ ᠶᠢᠨ ᠬᠠᠤᠯᠢ ᠪᠠ | ᠵᠠᠷᠤᠯᠭ᠎ᠠ ᠶᠢᠨ ᠬᠠᠤᠯᠢ ᠪᠣᠯᠣᠨ᠎ᠠ᠃ ᠭᠤᠷᠪᠠᠨ ᠵᠦᠢᠯ ᠤᠨ ᠠᠷᠭ᠎ᠠ ᠨᠢ ᠲᠤᠰ ᠲᠤᠰ ᠠᠳᠠᠯᠢ ᠪᠤᠰᠤ ᠲᠠᠯ᠎ᠠ ᠠᠴᠠ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ ᠵᠢᠴᠢ ᠲᠡᠭᠦᠨ ᠤ ᠪᠦᠷᠢᠯᠳᠦᠯ ᠢ ᠲᠤᠰᠬᠠᠳᠠᠭ᠃ | 2. ᠭᠤᠷᠪᠠᠨ ᠠᠵᠤ ᠦᠢᠯᠡᠰ᠄ ᠨᠢᠭᠡᠳᠦᠭᠡᠷ ᠠᠵᠤ ᠦᠢᠯᠡᠰ ᠭᠡᠳᠡᠭ ᠨᠢ ᠲᠠᠷᠢᠶᠠᠯᠠᠩ᠂ ᠤᠢ ᠰᠢᠭᠤᠢ᠂ ᠮᠠᠯ ᠠᠵᠤ | ᠠᠬᠤᠢ᠂ ᠵᠢᠭᠠᠰᠤᠨ ᠠᠵᠤ ᠠᠬᠤᠢ ︵ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ | ᠦᠢᠯᠡᠴᠢᠯᠡᠭᠡᠨ ᠤ ᠦᠢᠯᠡᠰ ᠪᠠᠭᠲᠠᠬᠤ ᠦᠭᠡᠢ︶ ᠶᠢ ᠵᠢᠭᠠᠵᠤ ᠪᠠᠶᠢᠨ᠎ᠠ᠃ | ᠬᠤᠶᠠᠳᠤᠭᠠᠷ ᠠᠵᠤ ᠦᠢᠯᠡᠰ ᠭᠡᠳᠡᠭ ᠨᠢ ᠠᠭᠤᠷᠬᠠᠢ ᠮᠠᠯᠲᠠᠬᠤ ᠦᠢᠯᠡᠰ ︵ᠨᠡᠭᠡᠭᠡᠨ ᠮᠠᠯᠲᠠᠬᠤ ᠳᠤ ᠲᠤᠰᠠᠯᠠᠬᠤ | ᠠᠵᠢᠯᠯᠠᠭ᠎ᠠ ᠪᠠᠭᠲᠠᠬᠤ ᠦᠭᠡᠢ︶᠂ ᠦᠢᠯᠡᠳᠬᠦ ᠦᠢᠯᠡᠰ ︵ᠲᠡᠮᠦᠷᠯᠢᠭ ᠦᠢᠯᠡᠳᠬᠦᠨ᠂ ᠮᠧᠬᠠᠨᠢᠭ ᠪᠠ ᠲᠤᠨᠤᠭ | ᠲᠥᠬᠦᠭᠡᠷᠦᠮᠵᠢ ᠶᠢ ᠰᠡᠯᠪᠢᠨ ᠵᠠᠰᠠᠬᠤ ᠦᠢᠯᠡᠰ ᠪᠠᠭᠲᠠᠬᠤ ᠦᠭᠡᠢ︶᠂ ᠴᠠᠬᠢᠯᠭᠠᠨ ᠬᠦᠴᠦ᠂ ᠢᠯᠴᠢ ᠶᠢᠨ ᠬᠦᠴᠦ᠂ | ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ ᠢ | ᠵᠢᠭᠠᠵᠤ ᠪᠠᠶᠢᠨ᠎ᠠ᠃ | ᠭᠤᠷᠪᠠᠳᠤᠭᠠᠷ ᠠᠵᠤ ᠦᠢᠯᠡᠰ ᠲᠤᠬᠠᠶᠢᠯᠠᠪᠠᠯ ᠦᠢᠯᠡᠴᠢᠯᠡᠭᠡᠨ ᠤ ᠦᠢᠯᠡᠰ ᠪᠣᠯᠣᠨ᠎ᠠ᠂ ᠲᠡᠷᠡ ᠨᠢ ᠨᠢᠭᠡᠳᠦᠭᠡᠷ | ᠠᠵᠤ ᠦᠢᠯᠡᠰ᠂ ᠬᠤᠶᠠᠳᠤᠭᠠᠷ ᠠᠵᠤ ᠦᠢᠯᠡᠰ ᠠᠴᠠ ᠭᠠᠳᠠᠨᠠᠬᠢ ᠪᠤᠰᠤᠳ ᠠᠵᠢᠯ ᠲᠦᠷᠦᠯ ᠢ ᠵᠢᠭᠠᠵᠤ ᠪᠠᠶᠢᠨ᠎ᠠ᠃ | 3. ᠠᠵᠤ ᠦᠢᠯᠡᠳᠪᠦᠷᠢ᠄ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ᠂ ᠮᠠᠯᠲᠠᠮᠠᠯ ᠡᠳ᠋ ᠪᠠ | ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠪᠠ ᠲᠠᠬᠢᠨ ᠪᠣᠯᠪᠠᠰᠤᠷᠠᠭᠤᠯᠬᠤ ᠪᠣᠳᠠᠰ ᠤᠨ | ᠦᠢᠯᠡᠳᠪᠦᠷᠢᠯᠡᠯ ᠤᠨ ᠰᠠᠯᠠᠭ᠎ᠠ ᠮᠥᠴᠢᠷ ᠢ ᠵᠢᠭᠠᠵᠤ ᠪᠠᠶᠢᠨ᠎ᠠ᠃ | 4. ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠄ ᠵᠣᠭᠤᠰᠤᠨ ᠤ ᠬᠡᠯᠪᠡᠷᠢ ᠪᠠᠷ | ᠢᠯᠡᠷᠡᠭᠰᠡᠨ ᠵᠣᠬᠢᠬᠤ ᠬᠤᠭᠤᠴᠠᠭᠠᠨ ᠤ ᠳᠣᠲᠣᠷ᠎ᠠ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢ ᠪᠠᠶᠢᠭᠤᠯᠬᠤ ᠪᠠ | ᠬᠤᠳᠠᠯᠳᠤᠨ ᠠᠪᠬᠤ ᠠᠵᠢᠯ ᠤᠨ ᠬᠡᠮᠵᠢᠶ᠎ᠡ ᠵᠢᠴᠢ ᠡᠭᠦᠨ ᠲᠠᠢ ᠬᠤᠯᠪᠣᠭᠳᠠᠬᠤ ᠵᠠᠷᠤᠳᠠᠯ ᠤᠨ ᠶᠡᠷᠦᠩᠬᠡᠢ ᠨᠡᠷᠡᠶᠢᠳᠦᠯ | ᠪᠣᠯᠣᠨ᠎ᠠ᠃ ᠲᠤᠰ ᠭᠦᠢᠴᠡᠳᠬᠡᠬᠦ ᠲᠤᠭ᠎ᠠ ᠪᠣᠯ ᠲᠣᠭᠲᠠᠮᠠᠯ ᠬᠦ᠋ᠷᠦᠩᠬ᠋ᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ᠂ | ᠪᠦᠲᠦᠴᠡ ᠪᠠ ᠬᠥᠭᠵᠢᠯᠲᠡ ᠶᠢᠨ ᠬᠤᠷᠳᠤᠴᠠ ᠶᠢ ᠲᠤᠰᠬᠠᠭᠰᠠᠨ ᠶᠡᠷᠦᠩᠬᠡᠶᠢᠯᠡᠭᠰᠡᠨ ᠴᠢᠨᠠᠷᠲᠠᠢ ᠭᠦᠢᠴᠡᠳᠬᠡᠬᠦ ᠲᠤᠭ᠎ᠠ | ᠪᠣᠯᠣᠨ᠎ᠠ᠃ | 5. ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ᠄ ᠠᠵᠤ | ᠠᠬᠤᠶᠢᠯᠠᠯ ︵ᠨᠢᠭᠡᠴᠢ᠂ ᠬᠤᠪᠢ ᠶᠢᠨ ᠡᠷᠦᠬᠡ︶ ᠤᠨ ᠠᠷᠠᠯᠵᠢᠶᠠᠯᠠᠬᠤ ᠪᠠᠷ ᠳᠡᠮᠵᠢᠨ ᠬᠤᠪᠢ ᠬᠥᠮᠥᠨ᠂ ᠨᠡᠶᠢᠭᠡᠮ ᠤᠨ | ᠪᠦᠯᠦᠭᠯᠡᠯ ᠤᠨ ᠦᠢᠯᠡᠳᠪᠦᠷᠢᠯᠡᠯ ᠤᠨ ᠪᠤᠰᠤ᠂ ᠡᠵᠡᠩᠨᠡᠯᠲᠡ ᠶᠢᠨ ᠪᠤᠰᠤ ᠪᠣᠳᠠᠲᠤ ᠪᠣᠳᠠᠰ ᠤᠨ ᠲᠠᠸᠠᠷ ᠲᠤ ᠰᠢᠭᠤᠳ | ᠬᠤᠳᠠᠯᠳᠤᠨ ᠥᠭᠭᠦᠭᠰᠡᠨ ᠵᠣᠭᠤᠰ ᠤᠨ ᠲᠤᠭ᠎ᠠ ᠵᠢᠴᠢ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠠᠳ | ᠣᠯᠣᠭᠰᠠᠨ ᠣᠷᠣᠯᠭ᠎ᠠ ᠶᠢᠨ ᠵᠣᠭᠤᠰ ᠤᠨ ᠲᠤᠭ᠎ᠠ ᠶᠢ ᠵᠢᠭᠠᠵᠤ ᠪᠣᠶ᠃ ᠬᠤᠪᠢ ᠬᠥᠮᠥᠨ ᠳᠤ ᠬᠤᠲᠠ ᠬᠥᠳᠡᠭᠡ ᠶᠢᠨ | ᠰᠠᠭᠤᠭᠠᠯᠢ ᠠᠷᠠᠳ ᠪᠠ ᠬᠢᠯᠢ ᠳᠤ ᠣᠷᠣᠵᠤ ᠢᠷᠡᠭᠰᠡᠳ ᠪᠠᠭᠲᠠᠨ᠎ᠠ᠂ ᠨᠡᠶᠢᠭᠡᠮ ᠤᠨ ᠪᠦᠯᠦᠭᠯᠡᠯ ᠳᠤ ᠪᠠᠶᠢᠭᠤᠯᠭ᠎ᠠ᠂ | ᠨᠡᠶᠢᠭᠡᠮ ᠤᠨ ᠪᠦᠯᠬᠦᠮ᠂ ᠴᠡᠷᠢᠭ ᠠᠩᠭᠢ᠂ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ | ᠰᠠᠭᠤᠭᠠᠯᠢ ᠠᠷᠠᠳ ᠤᠨ ᠵᠥᠪᠯᠡᠯ ᠪᠤᠶᠤ ᠭᠠᠴᠠᠭᠠᠨ ᠤ ᠠᠷᠠᠳ ᠤᠨ ᠵᠥᠪᠯᠡᠯ ᠵᠡᠷᠭᠡ ᠪᠠᠭᠲᠠᠨ᠎ᠠ᠃ | | | |