ᠬᠤᠷᠴᠢᠨ ᠲᠣᠭᠤᠷᠢᠭ᠄ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2023/10/7
   ᠣᠶᠢᠷ᠎ᠠ ᠶᠢᠨ ᠵᠢᠯ ᠤᠨ ᠲᠤᠷᠰᠢ᠂ ᠬᠤᠷᠴᠢᠨ ᠲᠣᠭᠤᠷᠢᠭ ᠤᠨ ᠬᠢᠨ ᠭᠤᠣᠯᠳᠠᠯᠭ᠎ᠠ ᠲᠠᠢ ᠬᠠᠮᠲᠤᠯᠢᠭ ᠢ ᠪᠠᠲᠤᠯᠠᠬᠤ᠂ ᠪᠣᠯᠪᠠᠰᠤᠷᠠᠯ ᠤᠨ ᠴᠢᠳᠠᠪᠤᠷᠢ ᠶᠢ ᠪᠠᠳᠠᠷᠠᠭᠤᠯᠬᠤ᠂ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠠᠴᠠ ᠭᠠᠷᠳᠠᠵᠤ᠂ ᠠᠵᠢᠯ ᠣᠯᠭᠤᠬᠤ ᠦᠢᠯᠡᠰ ᠪᠣᠰᠬᠠᠬᠤ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠠᠢ᠃ ᠬᠤᠷᠴᠢᠨ ᠲᠣᠭᠤᠷᠢᠭ ᠤᠨ ᠬᠢᠨ ᠠᠵᠢᠯ ᠣᠯᠭᠤᠯᠲᠠ‌‍ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠲᠠᠰᠤᠷᠠᠯᠲᠠ ᠦᠭᠡᠢ ᠴᠢᠩᠭᠠᠳᠬᠠᠵᠤ᠂ ᠪᠠᠭ᠎ᠠ ᠲᠣᠭᠠᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠶᠢᠨ ᠬᠠᠮᠲᠤ᠂ ︽ᠬᠠᠪᠤᠷ ᠤᠨ ᠰᠠᠯᠬᠢᠨ ᠤ ᠠᠵᠢᠯᠯᠠᠭ᠎ᠠ︾ ︽ᠠᠵᠤ ᠠᠬᠤᠶᠢᠯᠠᠯ ᠢ ᠬᠠᠪᠰᠤᠷᠤᠨ ᠠᠵᠢᠯ ᠡᠬᠢᠯᠡᠭᠦᠯᠬᠦ᠂ ᠠᠵᠢᠯ ᠤᠨ ᠪᠠᠶᠢᠷᠢ  ᠳᠤᠨᠢ ᠪᠤᠴᠠᠭᠠᠨ ᠬᠦᠷᠭᠡᠬᠦ︾ ᠵᠡᠷᠭᠡ ᠲᠤᠰᠬᠠᠢ ᠵᠦᠢᠯ ᠤᠨ ᠠᠵᠢᠯᠯᠠᠭ᠎ᠠ ᠳᠤ ᠲᠦᠰᠢᠭᠯᠡᠨ᠂ ︽ᠰᠦᠯᠵᠢᠶᠡᠨ ᠳᠡᠭᠡᠷ᠎ᠡ+ ᠰᠦᠯᠵᠢᠶᠡᠨ ᠭᠠᠳᠠᠨ᠎ᠠ︾ ᠲᠠᠪᠴᠠᠩ ᠢ ᠬᠦᠴᠦᠯᠡᠨ ᠪᠠᠶᠢᠭᠤᠯᠵᠤ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢᠨ ᠪᠦᠲᠦᠮᠵᠢᠲᠡᠶ ᠵᠣᠯᠭᠠᠯᠴᠠᠬᠤ ᠶᠢ ᠠᠬᠢᠭᠤᠯᠪᠠ᠃ ᠡᠨᠡ ᠵᠢᠯ ᠠᠴᠠ ᠨᠠᠭᠠᠰᠢ᠂ ᠬᠤᠷᠴᠢᠨ ᠲᠣᠭᠤᠷᠢᠭ ᠤᠨ ᠬᠢᠨ ᠤᠷᠢᠳ ᠬᠤᠵᠢᠳ 9 ᠲᠠᠯᠠᠪᠤᠷ ᠰᠦᠯᠵᠢᠶᠡᠨ ᠭᠠᠳᠠᠨ᠎ᠠ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠵᠦ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠠᠵᠢᠯᠯᠠᠭ᠎ᠠ ᠶᠢ 66 ᠬᠤᠭᠤᠴᠠᠭ᠎ᠠ ᠥᠷᠨᠢᠭᠦᠯᠵᠦ᠂ 210 ᠠᠵᠤ ᠠᠬᠤᠶᠢᠯᠠᠯ ᠢ ᠬᠠᠪᠰᠤᠷᠤᠨ 9.4 ᠲᠦᠮᠡᠨ ᠠᠵᠢᠯᠲᠠᠨ ᠡᠯᠰᠡᠬᠦ ᠠᠵᠢᠯ ᠤᠨ ᠪᠠᠶᠢᠷᠢ ᠶᠢ ᠤᠬᠠᠭᠤᠯᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号