ᠬᠤᠷᠴᠢᠨ ᠲᠣᠭᠤᠷᠢᠭ᠄ ︽ᠲᠠᠪᠤᠨ ᠶᠡᠭᠡ ᠡᠭᠦᠷᠭᠡ︾ ᠶᠢ ᠭᠦᠨᠵᠡᠭᠡᠢ ᠨᠠᠶᠢᠳᠠᠪᠤᠷᠢᠵᠢᠭᠤᠯᠵᠤ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2023/10/8
   ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠥᠨᠳᠥᠷ ᠪᠠᠶᠢᠷᠢᠨ ᠳᠤ ᠲᠠᠯᠪᠢᠵᠤ᠂ ᠲᠡᠷᠡ ᠳᠠᠷᠤᠢ ᠳᠤᠨᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠷ ᠨᠢᠭᠡᠳᠦᠭᠡᠷ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠭᠰᠠᠨ ︽ᠲᠠᠪᠤᠨ ᠶᠡᠭᠡ ᠡᠭᠦᠷᠭᠡ︾ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠣᠣᠷ᠎ᠠ ᠨᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠴᠢ 5 ᠲᠤᠰᠬᠠᠢ ᠵᠦᠢᠯ ᠤᠨ ᠳᠤᠭᠤᠶᠢᠯᠠᠩ ᠪᠠᠶᠢᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠣᠭᠤᠷᠢᠭ ᠤᠨ ᠳᠠᠷᠤᠭ᠎ᠠ ᠪᠠᠷ ︽ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ︾ ᠶᠢᠨ ᠲᠤᠰᠬᠠᠢ ᠵᠦᠢᠯ ᠤᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠲᠣᠭᠤᠷᠢᠭ‌‍ᠦᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠦᠷᠦᠭᠦᠯᠡᠨ ᠬᠢᠵᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠦᠴᠦᠲᠡᠢ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠮᠬᠢ ᠵᠢᠷᠤᠮ ᠲᠠᠢ᠂ ᠡᠭᠦᠷᠭᠡ ᠶᠢᠨ ᠠᠬᠢᠴᠠ ᠶᠢ ᠪᠦᠲᠦᠮᠵᠢᠲᠡᠶ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠡᠭᠦᠨ ᠤ ᠵᠡᠷᠭᠡ ᠳᠤ᠂ ︽ᠭᠤᠷᠪᠠᠨ ᠲᠠᠩᠰᠠ ᠨᠢᠭᠡ ᠵᠠᠬᠢᠳᠠᠯ︾ ᠤᠨ ᠮᠥᠷᠳᠡᠨ ᠰᠢᠪᠠᠳᠠᠨ ᠰᠢᠢᠳᠪᠦᠷᠢᠯᠡᠭᠦᠯᠬᠦ ᠳᠦᠷᠢᠮ ᠢ ᠬᠡᠷᠡᠭᠵᠢᠭᠦᠯᠵᠦ᠂ ᠡᠭᠦᠷᠭᠡ ᠶᠢᠨ ᠠᠬᠢᠴᠠ ᠤᠳᠠᠭᠠᠨ ᠪᠠᠶᠢᠭ᠎ᠠ ᠪᠦᠷᠢᠯᠳᠦᠭᠦᠨ ᠨᠢᠭᠡᠴᠡ ᠳᠤ ᠰᠠᠨᠠᠭᠤᠯᠬᠤ ᠬᠠᠭᠤᠳᠠᠰᠤ᠂ ᠰᠢᠪᠠᠳᠠᠨ ᠰᠢᠢᠳᠪᠦᠷᠢᠯᠡᠭᠦᠯᠬᠦ ᠬᠠᠭᠤᠳᠠᠰᠤ᠂ ᠬᠢᠨᠠᠨ ᠰᠢᠢᠳᠪᠦᠷᠢᠯᠡᠭᠦᠯᠬᠦ ᠬᠠᠭᠤᠳᠠᠰᠤ᠂ ᠰᠢᠯᠵᠢᠭᠦᠯᠦᠨ ᠲᠤᠰᠢᠶᠠᠬᠤ ᠵᠠᠬᠢᠳᠠᠯ ᠪᠠᠭᠤᠯᠭᠠᠵᠤ᠂ ᠬᠢᠨᠠᠨ ᠵᠢᠯᠤᠭᠤᠳᠬᠤ ᠶᠢ ᠴᠢᠩᠭᠠᠳᠬᠠᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠡᠳᠡᠷᠭᠦ ᠰᠢᠬᠠᠮᠳᠠᠭᠤᠯᠤᠨ᠎ᠠ᠃ ᠵᠢᠯ‌‍ᠦᠨ ᠡᠬᠢᠨ ᠠᠴᠠ ᠨᠠᠰᠢ᠂ ᠲᠤᠰᠬᠠᠢ ᠲᠦᠷᠦᠯ ᠤᠨ ᠳᠤᠭᠤᠶᠢᠯᠠᠩ ᠤᠨ ᠵᠣᠬᠢᠴᠠᠭᠤᠯᠤᠨ ᠠᠬᠢᠭᠤᠯᠬᠤ ᠬᠤᠷᠠᠯ ᠢ 4 ᠤᠳᠠᠭ᠎ᠠ ᠬᠤᠷᠠᠯᠳᠤᠭᠤᠯᠵᠤ᠂ ᠪᠠᠭ᠎ᠠ ᠬᠡᠪᠴᠢᠶᠡᠨ ᠤ ᠰᠤᠳᠤᠯᠤᠨ ᠠᠬᠢᠭᠤᠯᠬᠤ ᠬᠤᠷᠠᠯ ᠢ 7 ᠤᠳᠠᠭ᠎ᠠ ᠬᠤᠷᠠᠯᠳᠤᠭᠤᠯᠵᠤ᠂ ︽ᠲᠠᠪᠤᠨ ᠶᠡᠭᠡ ᠡᠭᠦᠷᠭᠡ︾  ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠠᠢ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号