ᠬᠤᠷᠴᠢᠨ ᠲᠣᠭᠤᠷᠢᠭ᠄ ᠡᠯ᠎ᠡ ᠵᠦᠢᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ‍ᠤᠨ‌‍ᠲ᠋ᠥ᠋ᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2023/10/9
    ᠡᠨᠡ ᠵᠢᠯ᠂ ᠬᠤᠷᠴᠢᠨ ᠲᠣᠭᠤᠷᠢᠭ ᠤᠨ ᠬᠢᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ︽ᠨᠢᠭᠡᠳᠦᠭᠡᠷ ᠭᠠᠷ ᠤᠨ ᠢᠨᠵᠧᠨᠧᠷᠢᠩ︾ ᠪᠣᠯᠭᠠᠨ ᠠᠬᠢᠭᠤᠯᠵᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠲᠠᠲᠠᠵᠤ ᠪᠣᠳᠠᠲᠤ ᠴᠣᠭᠴᠠ ᠶᠢᠨ ᠭᠠᠶᠢᠯᠢ ᠬᠥᠩᠭᠡᠯᠡᠬᠦ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠭᠠᠶᠢᠯᠢ ᠰᠦᠢᠳᠬᠡᠯ ᠤᠨ ᠡᠭᠦᠯᠡᠨ ᠦᠢᠯᠡᠴᠢᠯᠡᠭᠡᠨ ᠤ ᠲᠥᠪ᠂ ᠰᠢᠰᠲ᠋ᠧᠮ ᠲᠠᠢ ᠬᠦᠷᠭᠡᠬᠦ ᠵᠡᠷᠭᠡ ᠬᠡᠯᠪᠡᠷᠢ ᠪᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠪᠠ᠃ ᠵᠢᠯ ᠤᠨ ᠡᠬᠢᠨ ᠠᠴᠠ ᠨᠠᠰᠢ᠂ 14480 ᠡᠷᠦᠬᠡ ᠤᠳᠠᠭ᠎ᠠ ᠶᠢᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠢᠭᠡᠨᠲᠡ ᠬᠡᠷᠡᠭᠵᠢᠭᠦᠯᠦᠭᠰᠡᠨ ᠪᠠᠶᠢᠨ᠎ᠠ᠃ ᠡᠭᠦᠨ ᠤ ᠵᠡᠷᠭᠡ ᠳᠤ᠂ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠵᠥᠪᠰᠢᠶᠡᠷᠡᠵᠦ ᠰᠡᠳᠦᠪ ᠲᠣᠭᠲᠠᠭᠠᠭᠰᠠᠨ 93 ᠭᠤᠣᠯᠳᠠᠯᠭ᠎ᠠ ᠲᠠᠢ ᠲᠥᠷᠥᠯ ᠵᠦᠢᠯ ᠢᠶᠠᠷ ᠭᠠᠷᠳᠠᠬᠤ ᠴᠡᠭ ᠪᠣᠯᠭᠠᠵᠤ᠂ ᠠᠵᠤ ᠠᠬᠤᠶᠢᠯᠠᠯ ᠳᠤ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ  ᠶᠢᠨ ᠪᠣᠳᠣᠯᠭ᠎ᠠ ᠬᠠᠩᠭᠠᠪᠠ᠃ ᠡᠭᠦᠨ ᠠᠴᠠ ᠭᠠᠳᠠᠨ᠎ᠠ᠂ ᠳᠣᠲᠣᠭᠠᠳᠤ ᠶᠢᠨ ᠬᠢᠨᠠᠯᠲᠠ ᠶᠢ ᠴᠢᠩᠳᠠᠯᠠᠵᠤ᠂ ᠰᠢᠭᠦᠬᠦ ᠬᠤᠷᠢᠶ᠎ᠠ ᠪᠠᠶᠢᠴᠠᠭᠠᠬᠤ ᠰᠠᠯᠠᠭ᠎ᠠ ᠮᠥᠴᠢᠷ ᠬᠢᠨᠠᠨ ᠵᠢᠯᠤᠭᠤᠳᠴᠤ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠤᠭᠤᠴᠢᠨ ᠪᠠᠶᠢᠴᠠᠭᠠᠯᠲᠠ ᠬᠢᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号