ᠬᠤᠷᠴᠢᠨ ᠲᠣᠭᠤᠷᠢᠭ ᠤᠨ ᠬᠢᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠬᠦᠴᠦᠯᠡᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2023/11/10
    ᠣᠶᠢᠷ᠎ᠠ ᠶᠢᠨ ᠵᠢᠯ ᠤᠨ ᠲᠤᠷᠰᠢ᠂ ᠬᠤᠷᠴᠢᠨ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠬᠠᠷᠠᠯᠲᠠ ᠡᠭᠦᠷᠭᠡ ᠪᠠᠨ ᠲᠣᠭᠲᠠᠭᠠᠵᠤ᠂ ᠠᠵᠢᠯ ᠤᠨ ᠡᠷᠴᠢ ᠵᠣᠷᠢᠭ ᠢᠶᠠᠨ ᠪᠠᠲᠤᠯᠠᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠶᠢ ᠵᠡᠷᠭᠡᠪᠡᠷ ᠴᠢᠬᠤᠯᠠᠴᠢᠯᠠᠵᠤ᠂ ᠪᠦᠲᠦᠭᠡᠨ ᠪᠠᠶᠢᠭᠤᠯᠬᠤ ᠪᠠ ᠬᠠᠮᠢᠶᠠᠷᠴᠤ ᠬᠠᠮᠠᠭᠠᠯᠠᠬᠤ ᠶᠢ ᠵᠡᠷᠭᠡᠪᠡᠷ ᠶᠠᠪᠤᠭᠳᠠᠭᠤᠯᠬᠤ ᠶᠢ ᠦᠨᠡᠨᠬᠦ ᠪᠡᠶᠡᠯᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠶᠢᠨ ᠲᠥᠯᠦᠪᠵᠢᠭᠦᠯᠭᠡ ᠶᠢ ᠴᠢᠩᠭᠠᠳᠬᠠᠵᠤ᠂ ᠤᠢ ᠰᠢᠭᠤᠢ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠬᠤ ᠲᠠᠯ᠎ᠠ ᠪᠠᠷ ᠦᠷᠭᠦᠯᠵᠢᠯᠡᠨ ᠠᠷᠭ᠎ᠠ ᠤᠬᠠᠭᠠᠨ ᠰᠦᠪᠡᠭᠴᠢᠯᠡᠵᠦ᠂ ᠤᠢ ᠰᠢᠭᠤᠢ ᠶᠢᠨ ᠡᠬᠢ ᠪᠠᠶᠠᠯᠢᠭ ᠤᠨ ᠠᠮᠢ ᠠᠬᠤᠢ ᠶᠢᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠬᠠᠷᠢᠯᠴᠠᠨ ᠠᠬᠢᠭᠤᠯᠬᠤ ᠶᠢ ᠬᠦᠴᠦᠯᠡᠨ ᠪᠡᠶᠡᠯᠡᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号