ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽15 ᠮᠢᠨᠦ᠋ᠲ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ︾ ᠢ ᠪᠠᠶᠢᠭᠤᠯᠵᠤ᠂ ᠪᠥᠬᠦ ᠲᠣᠭᠤᠷᠢᠭ ᠲᠤ 21 ᠭᠡᠷ ᠲᠡᠭᠡᠨ ᠰᠠᠭᠤᠵᠤ | ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠥᠷᠲᠡᠭᠡ︶᠂ 4 | ᠪᠠᠯᠭᠠᠰᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ 6 ᠬᠥᠳᠡᠭᠡ ᠲᠣᠰᠬᠤᠨ ᠤ | ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠣᠯ ᠵᠢᠷᠭᠠᠯ ᠤᠨ ᠬᠦᠷᠢᠶᠡᠯᠡᠩ᠂ 60 ᠲᠣᠰᠬᠤᠨ ᠤ | ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠤᠭᠰᠠᠨ ᠪᠠᠶᠢᠨ᠎ᠠ᠃ ᠡᠨᠡ ᠵᠢᠯ ᠤᠨ | 7 ᠰᠠᠷ᠎ᠠ ᠳᠤ᠂ ᠬᠤᠷᠴᠢᠨ ᠲᠣᠭᠤᠷᠢᠭ ᠤᠨ ᠰᠢᠨ᠎ᠡ ᠶᠢ ᠡᠭᠦᠳᠴᠦ ᠪᠠᠶᠢᠭᠠᠳ ᠨᠠᠰᠤᠲᠠᠨ ᠢ ᠲᠤᠰᠠᠯᠠᠬᠤ ᠨᠡᠶᠢᠲᠡ ᠶᠢᠨ | ᠠᠰᠠᠷᠠᠮᠵᠢ ᠶᠢᠨ ︽ᠬᠠᠮ ᠲᠡᠷᠭᠡ︾ ᠶᠢ ᠨᠠᠪᠲᠠᠷᠡᠭᠦᠯᠵᠦ᠂ ᠡᠮᠴᠢ᠂ ᠡᠷᠡᠭᠦᠯ ᠮᠡᠨᠳᠦ ᠶᠢᠨ ᠯᠧᠺᠲ᠋ᠣᠷ᠂ ᠦᠰᠦ ᠵᠠᠰᠠᠭᠴᠢ | ᠵᠡᠷᠭᠡ ᠬᠥᠮᠥᠰ ᠢᠶᠠᠷ ᠪᠦᠷᠢᠯᠳᠦᠭᠰᠡᠨ ᠲᠤᠰᠬᠠᠢ ᠦᠢᠯᠡᠴᠢᠯᠡᠭᠡᠨ ᠤ ᠠᠩᠭᠢ ᠠᠶᠢᠯ ᠲᠣᠰᠬᠤᠨ ᠳᠤ ᠭᠦᠨᠵᠡᠭᠡᠶᠢᠷᠡᠵᠦ᠂ | ᠨᠠᠰᠤᠲᠠᠶᠢᠴᠤᠳ ᠤᠨ ᠦᠢᠯᠡᠴᠢᠯᠡᠭᠡᠨ ᠤ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠵᠠᠢ᠃ |