ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠡᠬᠡ ᠤᠯᠤᠰ ᠤᠨ ᠤᠮᠠᠷᠠᠲᠤ ᠶᠢᠨ ᠠᠮᠤᠷ | ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠪᠠᠷ ᠪᠦᠬᠦ ᠲᠣᠭᠤᠷᠢᠭ ᠦᠨᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠪᠠᠲᠤᠯᠠᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠦᠨᠳᠦᠰᠦᠲᠡᠨ ᠤ ᠪᠦᠯᠬᠦᠮᠳᠡᠯ᠂ | ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠲᠠᠶᠢᠪᠤᠩ ᠰᠠᠶᠢᠨ ᠰᠠᠶᠢᠬᠠᠨ ᠪᠠᠶᠢᠳᠠᠯ ᠢ ᠪᠦᠬᠦ | ᠬᠦᠴᠦᠨ ᠢᠶᠠᠷ ᠢᠶᠠᠨ ᠬᠠᠮᠠᠭᠠᠯᠠᠪᠠ᠃ ᠬᠤᠷᠴᠢᠨ ᠲᠣᠭᠤᠷᠢᠭ ᠤᠨ ᠬᠢᠨ ︽ᠵᠠᠭᠤᠨ ᠡᠳᠦᠷ ᠤᠨ ᠪᠣᠭᠤᠮᠲᠠ ᠰᠢᠪᠲᠤᠯᠬᠤ︾ | ᠠᠵᠢᠯᠯᠠᠭ᠎ᠠ ᠪᠠᠷ ᠠᠵᠠ ᠲᠣᠬᠢᠶᠠᠯ ᠪᠣᠯᠭᠠᠬᠤ ᠶᠢ ᠪᠠᠷᠢᠮᠲᠠᠯᠠᠵᠤ᠂ ︽1+5+N︾ ᠵᠠᠭᠪᠤᠷ ᠢᠶᠠᠷ ᠵᠣᠬᠢᠶᠠᠨ | ᠪᠠᠶᠢᠭᠤᠯᠤᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ | ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ ᠡᠭᠦᠨ ᠤ ᠬᠠᠮᠲᠤ᠂ ᠠᠰᠠᠭᠤᠳᠠᠯ ᠢ ᠴᠡᠭᠴᠡᠯᠡᠨ ᠵᠠᠰᠠᠬᠤ ᠶᠢ | ᠪᠠᠷᠢᠮᠲᠠᠯᠠᠬᠤ ᠶᠢᠨ ᠬᠠᠮᠲᠤ ᠬᠢᠯᠠᠰ ᠴᠡᠭ ᠢ ᠪᠣᠶᠢᠵᠢᠭᠤᠯᠬᠤ ᠶᠢ ᠴᠢᠩᠭ᠎ᠠ ᠠᠳᠬᠤᠵᠤ᠂ ᠬᠤᠲᠠ ᠶᠢᠨ ᠬᠡᠪᠴᠢᠶᠡᠨ ᠳᠠᠬᠢ | ᠨᠡᠶᠢᠭᠡᠮ ᠤᠨ ᠵᠠᠰᠠᠯᠲᠠ ᠶᠢᠨ ︽ᠨᠠᠢᠮᠠᠨ ᠶᠡᠭᠡ ᠨᠠᠷᠠᠲᠤ ᠲᠡᠮᠳᠡᠭ︾ ᠢ ᠪᠣᠶ ᠪᠣᠯᠭᠠᠵᠤ᠂ ᠣᠳᠣᠬᠢᠴᠢᠯᠠᠭᠰᠠᠨ ᠶᠡᠭᠡ | ᠵᠠᠰᠠᠯᠲᠠ ᠶᠢᠨ ᠪᠠᠶᠢᠷᠢᠰᠢᠯ ᠢ ᠪᠣᠶ ᠪᠣᠯᠭᠠᠨ᠎ᠠ᠃ | |