ᠦᠰᠥᠭ ᠪᠢᠴᠢᠭ ᠤᠨ ᠲᠠᠶᠢᠯᠤᠮᠵᠢ᠄ ︽ᠬᠤᠷᠴᠢᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠤᠰᠠᠯᠠᠨ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/14
      ᠨᠢᠭᠡ᠂  ᠨᠠᠶᠢᠷᠠᠭᠤᠯᠤᠭᠰᠠᠨ ᠵᠣᠷᠢᠯᠭ᠎ᠠ       ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠲᠣᠭᠤᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠭᠠᠵᠠᠷ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠤᠨ ᠬᠥᠭᠵᠢᠯᠲᠡ ᠶᠢ ᠲᠡᠳᠬᠦᠨ ᠬᠤᠷᠴᠢᠨ ᠲᠣᠭᠤᠷᠢᠭ ᠤᠨ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤᠮᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠯᠧᠮᠧᠨ᠋ᠲ ᠤᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠲᠤᠬᠠᠢ ᠰᠢᠢᠳᠪᠦᠷᠢᠲᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠭᠠᠵᠠᠷ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠤᠨ ᠬᠥᠭᠵᠢᠯᠲᠡ ᠶᠢ ᠲᠡᠳᠬᠦᠬᠦ ᠪᠠ ᠪᠣᠶᠢᠵᠢᠭᠤᠯᠵᠤ᠂ ᠬᠤᠷᠴᠢᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠵᠢᠴᠢ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠤᠷᠴᠢᠨ ᠲᠣᠭᠤᠷᠢᠭ ᠤᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ︽ᠬᠤᠷᠴᠢᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠣᠭᠤᠰ ᠢᠶᠠᠷ ᠲᠤᠰᠠᠯᠠᠵᠤ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠠᠶᠢᠷᠠᠭᠤᠯᠤᠨ ᠵᠣᠬᠢᠶᠠᠪᠠ᠃       ᠬᠤᠶᠠᠷ᠂ ᠲᠤᠭᠤᠷᠪᠢᠨ ᠪᠢᠴᠢᠭᠰᠡᠨ ᠶᠠᠪᠤᠴᠠ      ᠴᠢᠬᠤᠯᠠ ᠴᠢᠨᠠᠷ ᠪᠠ ᠰᠢᠢᠳᠪᠦᠷᠢᠯᠡᠬᠦ ᠪᠠᠷ ᠪᠠᠶᠢᠭ᠎ᠠ ᠠᠰᠠᠭᠤᠳᠠᠯ ᠢ ᠰᠤᠳᠤᠯᠤᠨ ᠨᠤᠲᠠᠯᠠᠭᠰᠠᠨ ᠤ ᠲᠠᠷᠠᠭ᠎ᠠ᠂ ᠭᠤᠣᠯ ᠠᠭᠤᠯᠭ᠎ᠠ ᠶᠢ ᠲᠣᠳᠣᠷᠬᠠᠶᠢᠯᠠᠪᠠ᠃ ᠡᠭᠦᠨ ᠤ ᠰᠠᠭᠤᠷᠢᠨ ᠳᠡᠭᠡᠷ᠎ᠡ᠂ ᠥᠷᠭᠡᠨ ᠢᠶᠠᠷ ᠶᠠᠷᠢᠯᠴᠠᠬᠤ ᠪᠠᠷ ᠳᠡᠮᠵᠢᠨ᠂ 2023 ᠣᠨ ᠤ 7 ᠰᠠᠷ᠎ᠠ ᠶᠢᠨ 11 ᠤ ᠡᠳᠦᠷ ︽ᠬᠤᠷᠴᠢᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠠᠯᠠᠮᠵᠢ ᠶᠢᠨ ᠱᠠᠩᠨᠠᠯ ᠤᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠡᠬᠡ ᠨᠣᠣᠷᠠᠭ ᠢ ᠲᠤᠭᠤᠷᠪᠢᠵᠤ ᠭᠠᠷᠭᠠᠪᠠ᠃ 2023 ᠣᠨ ᠤ 7 ᠰᠠᠷ᠎ᠠ ᠳᠤ᠂ ᠬᠤᠷᠴᠢᠨ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠢᠯᠡ ᠪᠠᠷ ᠰᠠᠨᠠᠯ ᠬᠤᠷᠢᠶᠠᠵᠤ᠂ 2023 ᠣᠨ ᠤ 8 ᠰᠠᠷ᠎ᠠ ᠳᠤ ᠬᠠᠮᠢᠶ᠎ᠠ ᠪᠦᠬᠦᠢ ᠨᠢᠭᠡᠴᠡ ᠠᠴᠠ ᠰᠠᠨᠠᠯ ᠬᠤᠷᠢᠶᠠᠵᠤ᠂ ᠬᠤᠷᠴᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠲᠠᠯ᠎ᠠ ᠶᠢᠨ ᠬᠢᠨ ᠤ ᠬᠠᠷᠢᠭᠤ ᠲᠤᠰᠬᠠᠭᠰᠠᠨ ᠰᠠᠨᠠᠯ ᠤᠨ ᠲᠤᠬᠠᠢ ᠵᠦᠢ ᠵᠣᠬᠢᠰᠲᠠᠢ ᠰᠠᠨᠠᠯ ᠪᠠ ᠰᠠᠨᠠᠭᠤᠯᠭ᠎ᠠ ᠶᠢ ᠭᠥᠯᠢᠶᠡᠨ ᠠᠪᠴᠤ᠂ ︽ᠬᠤᠷᠴᠢᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠠᠯᠠᠮᠵᠢ ᠶᠢᠨ ᠱᠠᠩᠨᠠᠯ ᠤᠨ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 2023 ᠣᠨ ᠤ 9 ᠰᠠᠷ᠎ᠠ ᠳᠤ᠂ ᠬᠤᠷᠴᠢᠨ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ ᠰᠤᠳᠤᠯᠤᠨ ᠬᠢᠨᠠᠨ ᠵᠥᠪᠯᠡᠭᠦᠯᠵᠦ᠂ ᠡᠯ᠎ᠡ ᠨᠢᠭᠡᠴᠡ ᠶᠢᠨ ᠰᠠᠨᠠᠯ ᠢ ᠶᠡᠷᠦᠩᠬᠡᠶᠢᠯᠡᠵᠦ᠂ ᠬᠠᠮᠤᠭ ᠡᠴᠦᠰ ᠲᠤ ︽ᠬᠤᠷᠴᠢᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠠᠯᠠᠮᠵᠢ ᠶᠢᠨ ᠱᠠᠩᠨᠠᠯ ᠤᠨ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠵᠠᠰᠠᠪᠤᠷᠢ ᠣᠷᠣᠭᠤᠯᠵᠤ  ᠨᠠᠶᠢᠷᠠᠭᠤᠯᠪᠠ᠃       ᠭᠤᠷᠪᠠ᠂ ᠭᠤᠣᠯ ᠠᠭᠤᠯᠭ᠎ᠠ       ︽ᠬᠤᠷᠴᠢᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠤᠰᠠᠯᠠᠨ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶ ︵ᠰᠠᠨᠠᠯ ᠬᠤᠷᠢᠶᠠᠬᠤ ᠨᠣᠣᠷᠠᠭ︶︾ ᠶᠢ ᠨᠡᠶᠢᠲᠡ ᠲᠤᠯᠤᠭᠠᠨ ᠪᠦᠯᠦᠭ ᠬᠤᠪᠢᠶᠠᠵᠤ᠂ ᠲᠤᠬᠠᠶᠢᠯᠠᠪᠠᠯ ᠨᠢᠭᠡᠳᠦᠭᠡᠷ ᠪᠦᠯᠦᠭ ᠤᠨ ᠶᠡᠷᠦᠩᠬᠡᠢ ᠳᠦᠷᠢᠮ᠂ ᠬᠤᠶᠠᠳᠤᠭᠠᠷ ᠪᠦᠯᠦᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ ᠶᠢᠨ ᠲᠤᠰᠠᠯᠠᠮᠵᠢ ᠶᠢᠨ ᠱᠠᠩᠨᠠᠯ᠂ ᠭᠤᠷᠪᠠᠳᠤᠭᠠᠷ ᠪᠦᠯᠦᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠬᠤᠪᠢᠷᠠᠭᠤᠯᠤᠯᠲᠠ ᠶᠢᠨ ᠲᠤᠰᠠᠯᠠᠮᠵᠢ ᠶᠢᠨ ᠪᠠ ᠱᠠᠩᠨᠠᠯ᠂ ᠳᠥᠷᠪᠡᠳᠦᠭᠡᠷ ᠪᠦᠯᠦᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠤᠰᠠᠯᠠᠮᠵᠢ ᠪᠠ ᠱᠠᠩᠨᠠᠯ᠂ ᠲᠠᠪᠤᠳᠤᠭᠠᠷ ᠪᠦᠯᠦᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠲᠤᠰᠠᠯᠠᠮᠵᠢ ᠶᠢᠨ ᠪᠠ ᠱᠠᠩᠨᠠᠯ᠂ ᠵᠢᠷᠭᠤᠳᠤᠭᠠᠷ ᠪᠦᠯᠦᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡ ᠶᠢᠨ ᠲᠤᠰᠠᠯᠠᠮᠵᠢ ᠶᠢᠨ ᠪᠠ ᠱᠠᠩᠨᠠᠯ᠂ ᠳᠣᠯᠣᠳᠤᠭᠠᠷ ᠪᠦᠯᠦᠭ ᠤᠨ ᠳᠠᠭᠠᠯᠳᠤᠭᠤᠯᠤᠭᠰᠠᠨ ᠳᠦᠷᠢᠮ᠂ ᠨᠡᠶᠢᠳᠡ ᠬᠤᠷᠢᠨ ᠨᠢᠭᠡᠨ ᠵᠦᠢᠯ ᠪᠣᠯᠣᠨ᠎ᠠ᠃       ᠨᠢᠭᠡ ᠳᠤ ᠶᠡᠷᠦᠩᠬᠡᠢ ᠳᠦᠷᠢᠮ ᠤᠨ ᠬᠡᠰᠡᠭ ᠲᠤ᠂ ᠭᠤᠣᠯᠳᠠᠭᠤ ᠪᠢᠴᠢᠭ ᠮᠠᠲ᠋ᠧᠷᠢᠶᠠᠯ ᠢ ᠲᠣᠭᠲᠠᠭᠠᠭᠰᠠᠨ ᠠᠬᠤᠢ ᠪᠠᠶᠢᠳᠠᠯ᠂ ᠵᠣᠷᠢᠯᠭ᠎ᠠ ᠵᠢᠴᠢ ᠬᠤᠯᠪᠣᠭᠳᠠᠯ ᠪᠦᠬᠦᠢ ᠪᠡᠶᠡᠴᠢ ᠴᠣᠭᠴᠠ ᠶᠢ ᠲᠣᠳᠣᠷᠬᠠᠶᠢᠯᠠᠨ᠎ᠠ᠃       ᠬᠤᠶᠠᠷ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ ᠶᠢᠨ ᠡᠳ᠋ ᠮᠥᠩᠭᠦ ᠪᠠᠷ ᠲᠤᠰᠠᠯᠠᠵᠤ ᠱᠠᠩᠨᠠᠬᠤ ᠬᠡᠰᠡᠭ ᠲᠤ᠂ ᠭᠤᠶᠤᠴᠢᠯᠠᠬᠤ ᠭᠤᠣᠯ ᠴᠣᠭᠴᠠ ᠶᠢᠨ ᠬᠢᠷᠢ ᠬᠡᠮ᠂ ᠭᠤᠶᠤᠴᠢᠯᠠᠬᠤ ᠲᠤᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠂ ᠡᠭᠦᠨ ᠳᠤ ᠰᠤᠷᠭᠠᠭᠤᠯᠢ ᠳᠤ ᠪᠠᠶᠢᠭ᠎ᠠ ᠰᠣᠷᠣᠭᠴᠢ᠂ ᠲᠠᠷᠢᠮᠠᠯ ᠤᠨ ᠡᠭᠦᠯᠳᠡᠷ ᠂ ᠭᠠᠵᠠᠷ ᠵᠦᠢ ᠶᠢᠨ ᠲᠡᠮᠳᠡᠭ ᠤᠨ ᠳᠠᠩᠰᠠᠯᠠᠯᠲᠠ ᠵᠢᠴᠢ ᠣᠷᠣᠨ ᠨᠤᠲᠤᠭ ᠤᠨ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠨ ᠵᠠᠰᠠᠭᠰᠠᠨ ᠱᠠᠩᠨᠠᠯ ᠪᠠᠭᠲᠠᠨ᠎ᠠ᠃       ᠭᠤᠷᠪᠠ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢᠨ ᠬᠤᠪᠢᠷᠠᠭᠤᠯᠤᠯᠲᠠ ᠶᠢᠨ ᠲᠤᠰᠠᠯᠠᠮᠵᠢ ᠪᠠ ᠱᠠᠩᠨᠠᠯ ᠤᠨ ᠬᠡᠰᠡᠭ ᠲᠤ ᠳᠠᠨᠵᠢᠯᠠᠵᠤ ᠪᠡᠯᠡ ᠲᠣᠬᠢᠷᠠᠭᠤᠯᠬᠤ ᠠᠵᠤ ᠠᠬᠤᠶᠢᠯᠠᠯ᠂ ᠨᠠᠷᠠᠲᠤ ᠰᠢᠯᠢᠳᠡᠭ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠥᠬᠦᠪᠦᠷᠢ ᠣᠯᠭᠤᠬᠤ ᠬᠡᠪᠴᠢᠶ᠎ᠡ ᠵᠢᠴᠢ ᠬᠠᠷᠢᠴᠠᠯ ᠢ ᠲᠣᠳᠣᠷᠬᠠᠶᠢᠯᠠᠪᠠ᠃      ᠳᠥᠷᠪᠡ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠤᠰᠠᠯᠠᠮᠵᠢ ᠪᠠ ᠱᠠᠩᠨᠠᠯ ᠤᠨ ᠬᠡᠰᠡᠭ ᠲᠤ᠂ ᠡᠷᠬᠡ ᠪᠠᠨ ᠬᠠᠮᠠᠭᠠᠯᠠᠬᠤ ᠲᠤᠰᠠᠯᠠᠮᠵᠢ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠮᠠᠭᠠᠳᠯᠠᠨ ᠲᠣᠭᠲᠠᠭᠠᠯᠲᠠ ᠵᠢᠴᠢ ᠢᠯᠡᠴᠢᠯᠡᠨ ᠮᠡᠳᠡᠭᠦᠯᠦᠯᠲᠡ ᠶᠢᠨ ᠱᠠᠩᠨᠠᠯ ᠢ ᠲᠣᠳᠣᠷᠬᠠᠢ ᠲᠣᠭᠲᠠᠭᠠᠪᠠ᠃      ᠲᠠᠪᠤ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠲᠤᠰᠠᠯᠠᠬᠤ ᠪᠠ ᠱᠠᠩᠨᠠᠬᠤ ᠬᠡᠰᠡᠭ ᠲᠤ᠂ ᠡᠯ᠎ᠡ ᠱᠠᠲᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ᠂ ᠳᠠᠪᠠᠭᠤᠯᠢᠭ ᠠᠵᠤ ᠠᠬᠤᠶᠢᠯᠠᠯ᠂ ᠪᠠᠷᠢᠮᠵᠢᠶ᠎ᠠ ᠳᠤ ᠲᠤᠤᠱᠯᠠᠭᠤᠯᠬᠤ ᠵᠢᠴᠢ ᠱᠠᠩᠨᠠᠬᠤ ᠪᠠᠷᠢᠮᠵᠢᠶ᠎ᠠ ᠶᠢ ᠲᠣᠳᠣᠷᠬᠠᠶᠢᠯᠠᠪᠠ᠃       ᠵᠢᠷᠭᠤᠭ᠎ᠠ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠪᠡᠯᠡ ᠮᠥᠩᠭᠦ ᠪᠠᠷ ᠲᠤᠰᠠᠯᠠᠬᠤ ᠪᠠ ᠱᠠᠩᠨᠠᠬᠤ ᠬᠡᠰᠡᠭ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠪᠠ ᠰᠢᠨ᠎ᠡ ᠪᠠᠷ ᠨᠡᠭᠡᠭᠡᠨ ᠡᠷᠭᠢᠯᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠡᠯᠡ ᠮᠥᠩᠭᠦᠨ ᠤ ᠳᠡᠮᠵᠢᠯᠭᠡ  ᠲᠠᠳᠠᠨ  ᠣᠷᠤᠭᠤᠯᠬᠤ ᠶᠢ ᠲᠣᠳᠣᠷᠬᠠᠶᠢᠯᠠᠪᠠ᠃       ᠳᠣᠯᠤᠭ᠎ᠠ ᠳᠤ ᠳᠠᠭᠠᠯᠳᠤᠭᠤᠯᠤᠭᠰᠠᠨ ᠳᠦᠷᠢᠮ ᠤᠨ ᠬᠡᠰᠡᠭ ᠲᠤ᠂ ᠠᠷᠭ᠎ᠠ ᠶᠢᠨ ᠳᠣᠲᠣᠷᠠᠬᠢ ᠵᠣᠭᠤᠰ ᠮᠥᠩᠭᠦ ᠪᠠᠷ ᠲᠤᠰᠠᠯᠠᠬᠤ ᠦᠭᠡᠢ ᠪᠠ ᠱᠠᠩᠨᠠᠨ ᠬᠥᠬᠢᠭᠦᠯᠬᠦ ᠦᠭᠡᠢ ᠪᠠᠶᠢᠳᠠᠯ᠂ ᠬᠢᠨᠠᠨ ᠵᠥᠪᠰᠢᠶᠡᠷᠡᠭᠦᠯᠬᠦ ᠪᠠᠷ ᠮᠡᠳᠡᠭᠦᠯᠬᠦ ᠵᠢᠷᠤᠮ᠂ ᠲᠠᠶᠢᠯᠪᠤᠷᠢᠯᠠᠬᠤ ᠡᠷᠬᠡ ᠵᠢᠴᠢ ᠬᠡᠷᠡᠭᠵᠢᠭᠦᠯᠬᠦ ᠡᠳᠦᠷ ᠬᠤᠭᠤᠴᠠᠭ᠎ᠠ ᠶᠢ ᠲᠣᠳᠣᠷᠬᠠᠢ ᠲᠣᠭᠲᠠᠭᠠᠪᠠ᠃      ᠳᠥᠷᠪᠡ᠂ ᠵᠣᠭᠤᠰ ᠢᠶᠠᠷ ᠲᠤᠰᠠᠯᠠᠵᠤ ᠱᠠᠩᠨᠠᠬᠤ ᠨᠥᠬᠦᠴᠡᠯ      ︵ᠨᠢᠭᠡ︶ ᠤᠯᠤᠰ ᠤᠨ ᠳᠣᠲᠣᠭᠠᠳᠤ ᠶᠢᠨ ᠡᠭᠦᠳᠦᠯᠲᠡ ᠶᠢᠨ ᠲᠤᠰᠬᠠᠢ ᠠᠰᠢᠭ ᠤᠨ ᠡᠷᠬᠡ ᠣᠯᠭᠤᠯᠲᠠ ᠶᠢ ᠣᠯᠣᠭᠰᠠᠨ ᠪᠥᠭᠡᠳ ᠡᠷᠬᠡ ᠣᠯᠭᠤᠭᠰᠠᠨ ᠡᠳᠦᠷ ᠠᠴᠠ ᠡᠬᠢᠯᠡᠨ ᠨᠢᠭᠡ ᠵᠢᠯ ᠤᠨ ᠳᠣᠲᠣᠷ᠎ᠠ ᠭᠦᠢᠴᠡᠳᠬᠡᠭᠰᠡᠨ ᠪᠠᠶᠢᠪᠠᠯ ᠂ ᠲᠤᠰᠬᠠᠢ ᠠᠰᠢᠭ ᠨᠢᠭᠡᠪᠦᠷᠢ ᠶᠢᠨ ᠲᠤᠰᠠᠯᠠᠮᠵᠢ ᠨᠢ 3000 ᠲᠥᠭᠦᠷᠢᠭ ᠪᠣᠯᠣᠨ᠎ᠠ᠃       ︵ᠬᠤᠶᠠᠷ︶ ᠲᠤᠰᠬᠠᠢ ᠠᠰᠢᠭ ᠤᠨ ᠡᠷᠬᠡ ᠶᠢ ᠪᠦᠬᠦᠯᠢ 10 ᠵᠢᠯ ᠠᠴᠠ ᠳᠡᠭᠡᠭᠰᠢ ᠬᠡᠪ ᠢᠶᠠᠷ ᠪᠠᠶᠢᠯᠭᠠᠭᠰᠠᠨ ᠬᠦᠴᠦᠨ ᠪᠦᠬᠦᠢ ᠡᠭᠦᠳᠦᠯᠲᠡ ᠶᠢᠨ ᠲᠤᠰᠬᠠᠢ ᠠᠰᠢᠭ ᠤᠨ ᠰᠢᠷᠬᠡᠭ ᠪᠦᠷᠢ ᠶᠢ 1000 ᠲᠥᠭᠦᠷᠢᠭ ᠢᠶᠠᠷ ᠲᠤᠰᠠᠯᠠᠨ᠎ᠠ᠃       ︵ᠭᠤᠷᠪᠠ︶ ᠮᠠᠨ ᠤ ᠤᠯᠤᠰ ᠤᠨ ᠰᠢᠶᠠᠩᠭᠠᠩ᠂ ᠣᠣᠮᠧᠨ ᠪᠠ ᠲᠠᠶᠢᠸᠠᠨ ᠣᠷᠣᠨ ᠳᠤ ᠲᠤᠰᠢᠶᠠᠭᠰᠠᠨ ᠡᠭᠦᠳᠦᠯᠲᠡ ︵ᠪᠠᠷᠢᠮᠵᠢᠶ᠎ᠠ︶ ᠶᠢᠨ ᠲᠤᠰᠬᠠᠢ ᠠᠰᠢᠭ ᠤᠨ ᠡᠷᠬᠡ ᠣᠯᠣᠭᠰᠠᠨ ︵ᠳᠠᠩᠰᠠᠯᠠᠭᠤᠯᠤᠭᠰᠠᠨ︶ ᠪᠠᠶᠢᠪᠠᠯ᠂ ᠲᠤᠰᠬᠠᠢ ᠠᠰᠢᠭ ᠤᠨ ᠲᠤᠰᠠᠯᠠᠮᠵᠢ ᠨᠢᠭᠡᠪᠦᠷᠢ ᠳᠤ 3000 ᠲᠥᠭᠦᠷᠢᠭ ᠣᠯᠭᠤᠨ᠎ᠠ᠃       ︵ᠳᠥᠷᠪᠡ︶ P C T ᠠᠷᠭ᠎ᠠ ᠵᠠᠮ ᠪᠤᠶᠤ ᠫᠠᠷᠢᠰ ᠤᠨ ᠨᠡᠶᠢᠲᠡ ᠶᠢᠨ ᠭᠡᠷ᠎ᠡ ᠶᠢᠨ ᠠᠷᠭ᠎ᠠ ᠵᠠᠮ ᠢᠶᠠᠷ ᠤᠯᠤᠰ ᠤᠨ ᠭᠠᠳᠠᠭᠠᠳᠤ ᠳᠤ ᠭᠤᠶᠤᠴᠢᠯᠠᠬᠤ ᠶᠢᠨ ᠬᠠᠮᠲᠤ ᠡᠷᠬᠡ ᠣᠯᠭᠤᠭᠰᠠᠨ ᠡᠭᠦᠳᠦᠯᠲᠡ ᠶᠢᠨ ᠲᠤᠰᠬᠠᠢ ᠠᠰᠢᠭ ᠤᠨ ᠡᠷᠬᠡ ᠶᠢ ᠣᠯᠬᠤ ᠳᠤ᠂ ᠤᠯᠤᠰ ᠨᠢᠭᠡᠪᠦᠷᠢ ᠶᠢᠨ ᠡᠷᠬᠡ ᠣᠯᠭᠤᠭᠰᠠᠨ ᠲᠤᠰᠬᠠᠢ ᠠᠰᠢᠭ ᠤᠨ ᠲᠤᠰᠠᠯᠠᠮᠵᠢ  ᠨᠢ 5000 ᠲᠥᠭᠦᠷᠢᠭ ᠪᠠᠶᠢᠵᠤ᠂ ᠬᠠᠮᠤᠭ ᠤᠨ ᠠᠷᠪᠢᠨ ᠳᠠᠭᠠᠨ ᠭᠤᠷᠪᠠᠨ ᠤᠯᠤᠰ ᠤᠨ ᠡᠷᠬᠡ ᠣᠯᠭᠤᠯᠲᠠ ᠪᠠᠷ ᠲᠤᠰᠠᠯᠠᠨ᠎ᠠ᠃       ︵ᠲᠠᠪᠤ︶ ︽ᠮᠣᠩᠭᠤᠯ︾ ᠥᠰᠥᠭ ᠤᠨ ᠲᠡᠮᠳᠡᠭ ᠢᠶᠠᠷ ᠭᠡᠷᠡᠴᠢᠯᠡᠭᠦᠯᠬᠦ ᠶᠢᠨ ᠬᠠᠮᠲᠤ ᠭᠡᠷᠡᠴᠢᠯᠡᠯ ᠤᠨ ᠦᠨᠡᠮᠯᠡᠯ ᠣᠯᠣᠭᠰᠠᠨ ᠭᠤᠶᠤᠴᠢᠯᠠᠭᠴᠢ ︵ᠨᠢᠭᠡᠴᠡ︶ ᠨᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠭᠰᠠᠨ ᠦᠨᠡᠮᠯᠡᠯ ᠢ ᠣᠯᠣᠭᠰᠠᠨ ᠪᠠᠶᠢᠬᠤ ᠬᠡᠷᠡᠭᠲᠡᠢ᠃ ᠡᠭᠦᠨ ᠤ ᠬᠠᠮᠲᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠲᠠᠷᠢᠮᠠᠯ ᠤᠨ ᠡᠭᠦᠯᠳᠡᠷ ᠤᠨ ᠭᠤᠶᠤᠴᠢᠯᠠᠭᠴᠢ ︵ᠨᠢᠭᠡᠴᠡ︶ ᠨᠢ ᠤᠷᠭᠤᠮᠠᠯ ᠤᠨ ᠰᠢᠨ᠎ᠡ ᠡᠭᠦᠯᠳᠡᠷ ᠢ ᠬᠢᠨᠠᠨ ᠲᠣᠭᠲᠠᠭᠠᠭᠰᠠᠨ ᠦᠨᠡᠮᠯᠡᠯ ᠢ ᠣᠯᠣᠭᠰᠠᠨ ᠪᠥᠭᠡᠳ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠭᠤᠶᠤᠴᠢᠯᠠᠭᠴᠢ ︵ᠨᠢᠭᠡᠴᠡ︶ ᠨᠢ ᠮᠠᠯ ᠵᠢᠭᠦᠷᠲᠡᠨ ᠤ ᠰᠢᠨ᠎ᠡ ᠡᠭᠦᠯᠳᠡᠷ ︵ᠲᠥᠬᠦᠷᠵᠢᠭᠰᠡᠨ ᠤᠳᠤᠮ︶ ᠤᠨ ᠦᠨᠡᠮᠯᠡᠯ ᠢ ᠣᠯᠣᠭᠰᠠᠨ ᠪᠥᠭᠡᠳ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠮᠠᠯ ᠵᠢᠭᠦᠷᠲᠡᠨ ᠤ ᠡᠭᠦᠯᠳᠡᠷ ᠢ ᠨᠢᠭᠡ ᠤᠳᠠᠭ᠎ᠠ ᠶᠢᠨ ᠴᠢᠨᠠᠷᠲᠠᠢ ᠪᠠᠷ 0.5 ︱ 1 ᠲᠦᠮᠡᠨ ᠲᠥᠭᠦᠷᠢᠭ ᠢᠶᠠᠷ ᠱᠠᠩᠨᠠᠨ᠎ᠠ᠃       ︵ᠵᠢᠷᠭᠤᠭ᠎ᠠ︶ ᠭᠠᠵᠠᠷ ᠵᠦᠢ ᠶᠢᠨ ᠲᠡᠮᠳᠡᠭ ᠤᠨ ᠭᠡᠷᠡᠴᠢᠯᠡᠬᠦ ᠲᠠᠸᠠᠷ ᠤᠨ ᠲᠡᠮᠳᠡᠭ ᠢ ᠳᠠᠩᠰᠠᠯᠠᠭᠤᠯᠤᠭᠰᠠᠨ ᠪᠠᠶᠢᠪᠠᠯ᠂ ᠠᠰᠢᠭ ᠭᠥᠷᠳᠡᠬᠦ ᠬᠡᠪᠴᠢᠶ᠎ᠡ ᠶᠢ ᠨᠢ ᠦᠨᠳᠦᠰᠦᠯᠡᠨ 3 ︱ 10 ᠲᠦᠮᠡᠨ ᠲᠥᠭᠦᠷᠢᠭ ᠢᠶᠠᠷ ᠱᠠᠩᠨᠠᠨ᠎ᠠ᠃       ︵ᠳᠣᠯᠤᠭ᠎ᠠ︶ ᠲᠣᠰ ᠭᠠᠵᠠᠷ ᠣᠷᠣᠨ ᠤ ᠭᠠᠵᠠᠷ ᠵᠦᠢ ᠶᠢᠨ ᠪᠡᠯᠭᠡ ᠲᠡᠮᠳᠡᠭ ᠤᠨ ᠣᠷᠣᠨ ᠨᠤᠲᠤᠭ ᠤᠨ ᠪᠠᠷᠢᠮᠵᠢᠶ᠎ᠠ ᠵᠡᠷᠭᠡ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠭᠰᠠᠨ ᠪᠤᠶᠤ ᠵᠠᠰᠠᠪᠤᠷᠢ ᠣᠷᠣᠭᠤᠯᠤᠭᠰᠠᠨ ᠪᠠᠶᠢᠪᠠᠯ᠂ ᠪᠠᠷᠢᠮᠵᠢᠶ᠎ᠠ ᠨᠢᠭᠡᠪᠦᠷᠢ ᠨᠢ ᠨᠢᠭᠡ ᠤᠳᠠᠭ᠎ᠠ ᠳᠤ 1 ᠲᠦᠮᠡᠨ ᠲᠥᠭᠦᠷᠢᠭ ᠤᠨ ᠵᠣᠭᠤᠰ ᠢᠶᠠᠷ ᠲᠤᠰᠠᠯᠠᠨ᠎ᠠ᠃       ︵ᠨᠠᠢᠮᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠶᠢ ᠥᠷᠨᠢᠭᠦᠯᠦᠭᠰᠡᠨ ᠮᠥᠷᠲᠡᠭᠡᠨ ᠵᠢᠭᠡᠯᠡᠯᠭᠡ ᠶᠢᠨ ᠡᠬᠡ ᠬᠦᠦ ᠮᠥᠩᠭᠦ ᠶᠢ ᠪᠤᠴᠠᠭᠠᠵᠤ ᠳᠠᠭᠤᠰᠬᠠᠭᠰᠠᠨ ᠠᠵᠤ ᠠᠬᠤᠶᠢᠯᠠᠯ ᠳᠤ ᠳᠠᠮ ᠬᠦᠦ ᠨᠥᠬᠦᠪᠦᠷᠢ ᠣᠯᠭᠤᠨ᠎ᠠ᠃ ᠨᠢᠭᠡ ᠭᠤᠶᠤᠴᠢᠯᠠᠭᠴᠢ ᠶᠢᠨ ᠨᠢᠭᠡ ᠵᠢᠯ ᠤᠨ ᠳᠣᠲᠣᠷ᠎ᠠ ᠭᠤᠶᠤᠴᠢᠯᠠᠭᠰᠠᠨ ᠳᠠᠮ ᠬᠦᠦ ᠲᠠᠢ ᠨᠥᠬᠦᠪᠦᠷᠢ ᠶᠢᠨ ᠪᠥᠬᠦ ᠲᠤᠭ᠎ᠠ ᠶᠢ 20 ᠲᠦᠮᠡᠨ ᠲᠥᠭᠦᠷᠢᠭ ︵20 ᠲᠦᠮᠡᠨ ᠲᠥᠭᠦᠷᠢᠭ ᠪᠠᠭᠲᠠᠨ᠎ᠠ︶ ᠠᠴᠠ ᠬᠡᠲᠦᠷᠡᠭᠦᠯᠬᠦ ᠦᠭᠡᠢ᠃ ᠭᠤᠶᠤᠴᠢᠯᠠᠭᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠬᠤ ᠪᠠᠷ ᠳᠠᠮᠵᠢᠭᠤᠯᠤᠨ ᠬᠤᠳᠠᠯᠳᠤᠭᠠᠨ ᠤ ᠪᠠᠩᠬᠢ ᠶᠢᠨ ᠵᠢᠭᠡᠯᠡᠯᠭᠡ ᠶᠢ ᠣᠯᠣᠭᠰᠠᠨ ᠪᠠᠶᠢᠪᠠᠯ᠂ ᠪᠣᠳᠠᠲᠠᠢ ᠵᠠᠷᠤᠭᠰᠠᠨ ᠵᠢᠭᠡᠯᠡᠯᠭᠡ ᠶᠢᠨ ᠬᠦᠦ ᠮᠥᠩᠭᠦ ᠶᠢᠨ ᠵᠣᠬᠢᠴᠠᠩᠭᠤᠢ ᠬᠠᠷᠢᠴᠠᠯ ᠢᠶᠠᠷ ᠨᠥᠬᠦᠪᠦᠷᠢ ᠥᠭᠭᠦᠨ᠎ᠡ᠃       ︵ᠶᠢᠰᠦ︶ ᠨᠠᠷᠠᠲᠤ ᠰᠢᠯᠢᠳᠡᠭ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠣᠯᠣᠭᠰᠠᠨ ᠱᠠᠩᠨᠠᠯ᠃ ᠳᠤᠮᠳᠠᠳᠤ ᠤᠯᠤᠰ ᠤᠨ ᠡᠭᠦᠳᠦᠯᠲᠡ ᠶᠢᠨ ᠲᠤᠰᠬᠠᠢ ᠠᠰᠢᠭ ᠤᠨ ᠱᠠᠩᠨᠠᠯ 1 ᠲᠦᠮᠡᠨ ᠲᠥᠭᠦᠷᠢᠭ ᠠᠴᠠ 3 ᠲᠦᠮᠡᠨ ᠲᠥᠭᠦᠷᠢᠭ︔ ᠳᠤᠮᠳᠠᠳᠤ ᠤᠯᠤᠰ ᠤᠨ ᠭᠠᠳᠠᠷ ᠳᠦᠷᠰᠦ ᠶᠢᠨ ᠵᠢᠷᠤᠭ ᠲᠥᠯᠥᠪᠯᠡᠭᠡᠨ ᠤ ᠲᠤᠰᠬᠠᠢ ᠠᠰᠢᠭ ᠤᠨ ᠱᠠᠩᠨᠠᠯ 0.1-1 ᠲᠦᠮᠡᠨ ᠲᠥᠭᠦᠷᠢᠭ︔ ᠨᠠᠷᠠᠲᠤ ᠲᠠᠸᠠᠷ ᠤᠨ ᠲᠡᠮᠳᠡᠭ ᠢ ᠨᠢᠭᠡ ᠤᠳᠠᠭ᠎ᠠ ᠳᠤ 10 ᠲᠦᠮᠡᠨ ᠲᠥᠭᠦᠷᠢᠭ ᠢᠶᠠᠷ ᠱᠠᠩᠨᠠᠨ᠎ᠠ       ︵ᠠᠷᠪᠠ︶ ᠡᠷᠬᠡ ᠪᠠᠨ ᠬᠠᠮᠠᠭᠠᠯᠠᠬᠤ ᠲᠤᠰᠠᠯᠠᠮᠵᠢ᠃ ᠡᠷᠬᠡ ᠪᠠᠨ ᠬᠠᠮᠠᠭᠠᠯᠠᠵᠤ ᠵᠠᠷᠭᠤ ᠢᠯᠠᠭᠰᠠᠨ ᠲᠣᠰ ᠭᠠᠵᠠᠷ ᠣᠷᠣᠨ ᠤ ᠡᠷᠬᠡᠲᠦ ᠬᠥᠮᠥᠨ ᠤ ᠭᠠᠭᠴᠠ ᠵᠦᠢᠯ ᠤᠨ ᠲᠤᠰᠠᠯᠠᠮᠵᠢ ᠨᠢ ᠬᠠᠮᠤᠭ ᠤᠨ ᠥᠨᠳᠥᠷ ᠲᠡᠭᠡᠨ 3 ᠲᠦᠮᠡᠨ ᠲᠥᠭᠦᠷᠢᠭ ᠪᠠᠶᠢᠵᠤ᠂ ᠠᠳᠠᠯᠢ ᠨᠢᠭᠡᠨ ᠲᠤᠬᠠᠢ ᠶᠢᠨ ᠬᠥᠮᠥᠨ ᠤ ᠵᠢᠯ ᠪᠦᠷᠢ ᠶᠢᠨ ᠤᠯᠤᠰ ᠤᠨ ᠳᠣᠲᠣᠭᠠᠳᠤ ᠶᠢᠨ ᠡᠷᠬᠡ ᠪᠠᠨ ᠬᠠᠮᠠᠭᠠᠯᠠᠬᠤ ᠬᠡᠷᠡᠭ ᠤᠨ ᠲᠤᠰᠠᠯᠠᠮᠵᠢ ᠨᠢ ᠬᠠᠮᠤᠭ ᠤᠨ ᠥᠨᠳᠥᠷ ᠲᠡᠭᠡᠨ 5 ᠲᠦᠮᠡᠨ ᠲᠥᠭᠦᠷᠢᠭ ᠪᠠᠶᠢᠵᠤ᠂ ᠤᠯᠤᠰ ᠤᠨ ᠭᠠᠳᠠᠭᠠᠳᠤ ᠶᠢᠨ ᠡᠷᠬᠡ ᠪᠠᠨ ᠬᠠᠮᠠᠭᠠᠯᠠᠬᠤ ᠬᠡᠷᠡᠭ ᠤᠨ ᠲᠤᠰᠠᠯᠠᠮᠵᠢ ᠨᠢ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠪᠠᠶᠢᠳᠠᠭ᠃ ᠤᠯᠤᠰ ᠤᠨ ᠲᠠᠰ ᠤᠨ ᠲᠦᠷᠭᠡᠨ ᠬᠤᠷᠳᠤᠴᠠ ᠪᠠᠷ ᠡᠷᠬᠡ ᠪᠠᠨ ᠬᠠᠮᠠᠭᠠᠯᠠᠬᠤ ᠲᠥᠪ᠂ ᠭᠠᠵᠠᠷ ᠵᠦᠢ ᠶᠢᠨ ᠲᠡᠮᠳᠡᠭ ᠤᠨ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠨᠢᠭᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃      ︵ᠠᠷᠪᠠᠨ ᠨᠢᠭᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠬᠤᠪᠢ ᠬᠥᠮᠥᠨ᠂ ᠠᠵᠤ ᠠᠬᠤᠶᠢᠯᠠᠯ᠂ ᠣᠷᠣᠯᠠᠨ ᠭᠦᠢᠴᠡᠳᠬᠡᠬᠦ᠂ ᠦᠢᠯᠡᠴᠢᠯᠡᠭᠡᠨ ᠤ ᠪᠠᠶᠢᠭᠤᠯᠤᠮᠵᠢ ᠪᠤᠶᠤ ᠣᠷᠣᠯᠠᠨ ᠭᠦᠢᠴᠡᠳᠭᠡᠭᠴᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢᠯᠡᠴᠢᠯᠡᠨ ᠮᠡᠳᠡᠭᠦᠯᠦᠭᠴᠢ ᠳᠤ ᠬᠠᠮᠤᠭ ᠤᠨ ᠥᠨᠳᠥᠷ ᠲᠡᠭᠡᠨ 1000 ︱ 5000 ᠲᠥᠭᠦᠷᠢᠭ ᠠᠴᠠ ᠥᠯᠥ ᠬᠡᠲᠦᠷᠡᠬᠦ ᠱᠠᠩᠨᠠᠯ ᠣᠯᠭᠤᠨ᠎ᠠ᠃      ︵ᠠᠷᠪᠠᠨ ᠬᠤᠶᠠᠷ︶ ᠡᠯ᠎ᠡ ᠱᠠᠲᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ᠂ ᠳᠠᠪᠠᠭᠤᠯᠢᠭ ᠠᠵᠤ ᠠᠬᠤᠶᠢᠯᠠᠯ ᠢ ᠱᠠᠩᠨᠠᠬᠤ ᠪᠠᠷᠢᠮᠵᠢᠶ᠎ᠠ᠄ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ 20 ᠲᠦᠮᠡᠨ ᠲᠥᠭᠦᠷᠢᠭ ᠢᠶᠠᠷ ᠱᠠᠩᠨᠠᠵᠤ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠳᠤ ᠨᠢᠭᠡ ᠤᠳᠠᠭ᠎ᠠ ᠳᠤ 10 ᠲᠦᠮᠡᠨ ᠲᠥᠭᠦᠷᠢᠭ ᠱᠠᠩᠨᠠᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃      ︵ᠠᠷᠪᠠᠨ ᠭᠤᠷᠪᠠ︶ ︽ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠵᠢᠷᠤᠮᠵᠢᠯ GB/T29490 ︱ 2013︾ ᠤᠨ ᠭᠡᠷᠡᠴᠢᠯᠡᠭᠡ ᠶᠢ ᠰᠢᠨ᠎ᠡ ᠪᠠᠷ ᠪᠠᠲᠤᠯᠠᠬᠤ ᠶᠢᠨ ᠬᠠᠮᠲᠤ ᠦᠨᠡᠮᠯᠡᠯ ᠣᠯᠣᠭᠰᠠᠨ ᠠᠵᠤ ᠠᠬᠤᠶᠢᠯᠠᠯ ᠢ ᠨᠢᠭᠡ ᠨᠢᠭᠡᠴᠡ ᠠᠴᠠ ᠨᠢᠭᠡ ᠵᠢᠯ ᠤᠨ ᠳᠣᠲᠣᠷ᠎ᠠ ᠬᠠᠮᠤᠭ ᠠᠷᠪᠢᠨ ᠳᠠᠭᠠᠨ 3 ᠲᠦᠮᠡᠨ ᠲᠥᠭᠦᠷᠢᠭ ᠢᠶᠠᠷ ᠱᠠᠩᠨᠠᠨ᠎ᠠ᠃      ︵ᠠᠷᠪᠠᠨ ᠳᠥᠷᠪᠡ︶ ᠣᠷᠣᠭᠤᠯᠵᠤ ᠢᠷᠡᠭᠰᠡᠨ ᠪᠠ ᠰᠢᠨ᠎ᠡ ᠪᠠᠷ ᠡᠷᠭᠢᠯᠡᠭᠰᠡᠨ ᠬᠢᠷᠢ ᠬᠡᠮ ᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ︵ᠲᠤᠰᠬᠠᠢ ᠠᠰᠢᠭ︶ ᠶᠢ ᠣᠷᠣᠯᠠᠨ ᠭᠦᠢᠴᠡᠳᠬᠡᠬᠦ᠂ ᠦᠨᠡᠯᠡᠨ ᠵᠢᠱᠢᠬᠦ᠂ ᠮᠡᠷᠭᠡᠵᠢᠯ ᠤᠨ ᠠᠷᠠᠯᠵᠢᠶ᠎ᠠ ᠵᠡᠷᠭᠡ ᠦᠢᠯᠡᠴᠢᠯᠡᠭᠡᠨ ᠤ ᠪᠠᠶᠢᠭᠤᠯᠤᠮᠵᠢ ᠳᠤ 5 ᠲᠦᠮᠡᠨ ᠲᠥᠭᠦᠷᠢᠭ ᠤᠨ ᠨᠡᠭᠡᠭᠡᠨ ᠡᠷᠭᠢᠯᠡᠬᠦ ᠪᠡᠯᠡ ᠮᠥᠩᠭᠦ ᠶᠢᠨ ᠳᠡᠮᠵᠢᠯᠭᠡ ᠣᠯᠭᠤᠨ᠎ᠠ︔ ᠤᠯᠤᠰ ᠤᠨ ᠵᠢᠱᠢᠶ᠎ᠡ ᠦᠵᠡᠭᠦᠯᠬᠦ ᠪᠠᠶᠢᠭᠤᠯᠤᠮᠵᠢ ᠠᠴᠠ 20 ᠲᠦᠮᠡᠨ ᠲᠥᠭᠦᠷᠢᠭ ᠤᠨ ᠪᠡᠯᠡ ᠮᠥᠩᠭᠦᠨ ᠤ ᠳᠡᠮᠵᠢᠯᠭᠡ ᠦᠵᠡᠭᠦᠯᠦᠨ᠎ᠡ᠃       ᠲᠠᠪᠤ᠂ ᠪᠤᠰᠤᠳ ᠵᠦᠢᠯ      ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠃   
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号