ᠣᠶᠢᠷ᠎ᠠ ᠶᠢᠨ ᠵᠢᠯ ᠤᠳ ᠲᠤ᠂ ᠬᠤᠷᠴᠢᠨ ᠲᠣᠭᠤᠷᠢᠭ ᠤᠨ ᠬᠢᠨ ᠣᠯᠠᠨ ᠲᠦᠮᠡᠨ ᠤ ᠪᠡᠶ᠎ᠡ ᠮᠠᠬᠠᠪᠤᠳ ᠤᠨ ᠬᠡᠪ | ᠴᠢᠨᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢ ᠲᠦᠷᠭᠡᠳᠬᠡᠨ ᠲᠡᠭᠦᠯᠳᠡᠷᠵᠢᠭᠦᠯᠵᠦ᠂ ᠲᠥᠯᠦᠪᠵᠢᠭᠦᠯᠭᠡ ᠶᠢᠨ ᠪᠠᠲᠤᠯᠠᠭ᠎ᠠ᠂ ᠲᠥᠷᠥ ᠶᠢᠨ | ᠪᠣᠳᠣᠯᠭ᠎ᠠ ᠶᠢᠨ ᠪᠠᠲᠤᠯᠠᠭ᠎ᠠ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠂ ᠪᠡᠶ᠎ᠡ ᠶᠢᠨ ᠲᠠᠮᠢᠷ ᠤᠨ ᠰᠠᠭᠤᠷᠢ | ᠪᠡᠯᠡᠳᠬᠡᠮᠵᠢ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠴᠢᠩᠭᠠᠷᠠᠭᠤᠯᠤᠨ᠂ ᠣᠯᠠᠨ | ᠨᠡᠶᠢᠲᠡ ᠳᠤ ᠪᠡᠶ᠎ᠡ ᠴᠢᠭᠢᠷᠠᠭᠵᠢᠭᠤᠯᠬᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠭᠰᠠᠨ ᠪᠠᠶᠢᠨ᠎ᠠ᠃ ᠡᠭᠦᠨ ᠤ | ᠬᠠᠮᠲᠤ᠂ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠠᠷᠭ᠎ᠠ ᠵᠠᠮ ᠢ ᠰᠠᠶᠢᠲᠤᠷ ᠬᠡᠷᠡᠭᠯᠡᠬᠦ ᠶᠢ ᠪᠠᠷᠢᠮᠲᠠᠯᠠᠵᠤ᠂ | ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠬᠥᠭᠵᠢᠭᠡᠨ᠂ ᠣᠯᠠᠨ ᠲᠦᠮᠡᠨ ᠤ ᠰᠢᠨᠵᠢᠯᠡᠬᠦ | ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠴᠤ᠂ ᠪᠡᠶ᠎ᠡ ᠶᠢᠨ ᠲᠠᠮᠢᠷ ᠤᠨ ᠦᠢᠯᠡᠰ ᠤᠨ ᠳᠠᠬᠢᠨ ᠰᠢᠨ᠎ᠡ | ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠃ | |