ᠬᠤᠷᠴᠢᠨ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ︽ᠬᠤᠷᠴᠢᠨ ᠨᠠᠷᠠᠲᠤ ᠪᠠᠭᠰᠢ︾ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠶᠠᠪᠤᠭᠳᠠᠪᠠ
ᠨᠡᠶᠢᠲᠡᠯᠡᠭᠰᠡᠨ ᠴᠠᠭ᠄
2023/11/16
      11 ᠰᠠᠷ᠎ᠠ ᠶᠢᠨ 15 ᠤ ᠡᠳᠦᠷ᠂ ᠬᠤᠷᠴᠢᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠠᠩᠬᠠᠳᠤᠭᠠᠷ ᠬᠤᠭᠤᠴᠠᠭᠠᠨ ᠤ ︽ᠬᠤᠷᠴᠢᠨ ᠨᠠᠷᠠᠲᠤ ᠪᠠᠭᠰᠢ︾ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠭᠠᠷᠭᠠᠪᠠ᠃ ᠶᠠᠩ ᠰᠢᠤᠸᠠᠢ ᠂ ᠵᠠᠩ ᠴᠧᠨ ᠶᠠᠩ᠂ ᠹᠧᠩ ᠵᠢᠩ ᠵᠡᠷᠭᠡ 100 ︽ᠬᠤᠷᠴᠢᠨ ᠤ ᠨᠠᠷᠠᠲᠤ ᠪᠠᠭᠰᠢ︾ ᠵᠢᠴᠢ ᠬᠤᠷᠴᠢᠨ ᠲᠣᠭᠤᠷᠢᠭ ᠤᠨ ᠱᠢ ᠵᠢᠶᠧ ᠪᠠᠭ᠎ᠠ ᠰᠤᠷᠭᠠᠭᠤᠯᠢ᠂ ᠬᠤᠷᠴᠢᠨ ᠲᠣᠭᠤᠷᠢᠭ ᠤᠨ ᠵᠢᠶᠣᠣ ᠲᠥᠩ ᠪᠠᠭ᠎ᠠ ᠰᠤᠷᠭᠠᠭᠤᠯᠢ ᠵᠡᠷᠭᠡ 10 ᠰᠢᠯᠢᠳᠡᠭ ᠵᠣᠬᠢᠶᠠᠨ ᠪᠠᠶᠢᠭᠤᠯᠬᠤ ᠨᠢᠭᠡᠴᠢ ᠱᠠᠩᠨᠠᠯ ᠭᠥᠷᠳᠡᠪᠡ᠃ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠦ ᠷᠦᠢ ᠯᠢᠶᠠᠨ᠂ ᠬᠤᠷᠴᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠰᠢᠶᠣᠣ ᠳ᠋ᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠥᠯᠵᠡᠢ᠂ ᠲᠣᠭᠤᠷᠢᠭ ᠤᠨ ᠤᠳᠤᠷᠢᠳᠤᠯᠭ᠎ᠠ ᠯᠢᠦ ᠰᠢᠶᠣᠣ ᠬᠤᠢ᠂ ᠶᠠᠩ ᠰᠢᠸ ᠶᠤᠸᠠᠨ᠂ ᠰᠢᠦᠢ ᠽᠧ ᠮᠢᠨ᠂ ᠳ᠋ᠦᠩ ᠯᠢ ᠭᠠᠩ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号