ᠬᠤᠷᠴᠢᠨ ᠲᠣᠭᠤᠷᠢᠭ᠄ ᠬᠠᠭᠤᠴᠢᠨ ᠪᠠᠭ᠎ᠠ ᠲᠣᠭᠤᠷᠢᠭ  ᠤᠨ ᠳᠤᠯᠠᠭᠠᠯᠭ᠎ᠠ ᠶᠢᠨ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2023/11/17
   ᠡᠨᠡ ᠵᠢᠯ᠂ ᠬᠤᠷᠴᠢᠨ ᠲᠣᠭᠤᠷᠢᠭ ᠤᠨ ᠬᠢᠨ ᠬᠠᠭᠤᠴᠢᠨ ᠪᠠᠭ᠎ᠠ ᠲᠣᠭᠤᠷᠢᠭ ᠤᠨ ᠳᠤᠯᠠᠭᠠᠯᠭ᠎ᠠ ᠶᠢᠨ ᠥᠭᠡᠷᠡᠴᠢᠯᠡᠯᠲᠡ ᠶᠢᠨ ᠠᠵᠢᠯ ᠤᠨ ᠳᠤᠮᠳᠠ᠂ ᠥᠭᠡᠷᠡᠴᠢᠯᠡᠯᠲᠡ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ ᠢ ᠨᠠᠷᠢᠨ ᠨᠢᠮᠪᠠᠢ ᠲᠣᠭᠲᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠡᠮᠬᠢ ᠵᠠᠮᠪᠠᠷᠠᠭ᠎ᠠ ᠲᠠᠢ ᠠᠬᠢᠭᠤᠯᠬᠤ ᠶᠢᠨ ᠬᠠᠮᠲᠤ ᠰᠠᠭᠤᠭᠠᠯᠢ ᠠᠷᠠᠳ ᠤᠨ ᠰᠠᠨᠠᠯ ᠢ ᠥᠷᠭᠡᠨ ᠢᠶᠠᠷ ᠰᠣᠨᠣᠰᠴᠤ᠂ ᠢᠨᠵᠧᠨᠧᠷᠢᠩ ᠤᠨ ᠶᠠᠰᠤ ᠴᠢᠨᠠᠷ ᠢ ᠴᠢᠩᠭ᠎ᠠ ᠪᠣᠳᠠᠲᠠᠢ ᠠᠳᠬᠤᠨ᠎ᠠ᠃ 2023 ᠣᠨ ᠳᠤ᠂ ᠬᠤᠷᠴᠢᠨ ᠲᠣᠭᠤᠷᠢᠭ ᠤᠨ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠨᠢ ᠬᠠᠷᠢᠶᠠᠲᠤ ᠣᠷᠣᠨ ᠤ 10 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 53 ᠪᠠᠭ᠎ᠠ  ᠲᠣᠭᠤᠷᠢᠭ᠂ 186 ᠰᠠᠭᠤᠷᠢ ᠠᠰᠠᠷ᠂ 6659 ᠡᠷᠦᠬᠡ ᠰᠠᠭᠤᠭᠠᠯᠢ ᠠᠷᠠᠳ ᠲᠤ ᠬᠤᠯᠪᠣᠭᠳᠠᠵᠤ᠂ ᠥᠭᠡᠷᠡᠴᠢᠯᠡᠨ ᠪᠠᠶᠢᠭᠤᠯᠬᠤ ᠲᠠᠯᠠᠪᠠᠶ ᠨᠢ ᠪᠠᠷᠤᠭ 70.92 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠣᠳᠣᠬᠠᠨ‌‍ᠳᠤ ᠨᠢᠭᠡᠨᠲᠡ 45 ᠪᠠᠭ᠎ᠠ  ᠲᠣᠭᠤᠷᠢᠭ ᠤᠨ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠳᠠᠭᠤᠰᠬᠠᠵᠤ᠂ 11 ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠬᠤ ᠪᠠᠷ ᠵᠢᠱᠢᠵᠦ ᠪᠣᠶ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号