ᠬᠤᠷᠴᠢᠨ ᠲᠣᠭᠤᠷᠢᠭ᠄ ᠰᠢᠨ᠎ᠡ ᠨᠢᠭᠡ ᠡᠭᠡᠯᠵᠢ ᠶᠢᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠺᠠᠳ᠋ᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠷᠭᠦᠯᠵᠢᠯᠡᠨ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/11/20
      10 ᠰᠠᠷ᠎ᠠ ᠶᠢᠨ ᠰᠡᠭᠦᠯᠴᠢ ᠪᠣᠯᠲᠠᠯ᠎ᠠ᠂ ᠬᠤᠷᠴᠢᠨ ᠲᠣᠭᠤᠷᠢᠭ ᠤᠨ ᠬᠢᠨ ᠰᠢᠨ᠎ᠡ ᠨᠢᠭᠡ ᠡᠭᠡᠯᠵᠢ‌‍ᠶᠢᠨ ᠲᠣᠰᠬᠤᠨ ᠳᠤ  ᠰᠠᠭᠤᠬᠤ ᠺᠠᠳ᠋ᠷ ᠢ ᠰᠣᠯᠢᠵᠤ ᠲᠣᠮᠢᠯᠠᠨ ᠰᠠᠭᠤᠯᠭᠠᠬᠤ ᠶᠢ ᠪᠡᠶᠡᠯᠡᠭᠦᠯᠵᠦ᠂ 10 ᠰᠤᠮᠤ ᠪᠠᠯᠭᠠᠰᠤ ᠶᠢᠨ 51 ᠲᠣᠰᠬᠤᠨ ᠳᠤ ᠲᠣᠰᠬᠤᠨ ᠤ ᠺᠠᠳ᠋ᠷ 83 ᠬᠥᠮᠥᠨ ᠰᠢᠨ᠎ᠡ ᠪᠠᠷ ᠲᠣᠮᠢᠯᠠᠨ ᠰᠠᠭᠤᠯᠭᠠᠵᠠᠢ᠂ ᠡᠭᠦᠨ ᠳᠤ ᠬᠤᠳᠠ ᠶᠢᠨ ᠲᠡᠰ ᠤᠨ ᠲᠣᠰᠬᠤᠨ ᠳᠤ ᠰᠠᠭᠤᠭ᠎ᠠ ᠺᠠᠳ᠋ᠷ 31 ᠬᠥᠮᠥᠨ᠂ ᠲᠣᠭᠤᠷᠢᠭ ᠤᠨ ᠲᠡᠰ ᠤᠨ ᠲᠣᠰᠬᠤᠨ ᠳᠤ ᠰᠠᠭᠤᠬᠤ ᠺᠠᠳ᠋ᠷ 52 ᠬᠥᠮᠥᠨ ᠪᠤᠢ᠃ ᠲᠣᠰᠬᠤᠨ ᠳᠤ ᠡᠭᠡᠯᠵᠢᠯᠡᠨ ᠰᠠᠭᠤᠬᠤ ᠰᠢᠨ᠎ᠡ ᠠᠵᠢᠯᠯᠠᠬᠤ ᠠᠩᠭᠢ ᠨᠢ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠦᠴᠦᠷᠬᠡᠭᠵᠢᠭᠦᠯᠬᠦ᠂ ᠲᠣᠰᠬᠤᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ᠶᠢ ᠠᠬᠢᠭᠤᠯᠬᠤ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠠᠵᠢᠯ ᠢᠶᠠᠨ ᠥᠷᠨᠢᠭᠦᠯᠵᠦ᠂ ᠦᠨᠳᠦᠰᠦᠨ ᠱᠠᠲᠤᠨ ᠤ ᠠᠵᠢᠯ ᠤᠨ︽ᠰᠤᠳᠠᠯ ᠰᠢᠷᠪᠦᠰᠦ︾ ᠶᠢ ᠪᠦᠬᠦ ᠬᠦᠴᠦᠨ ᠢᠶᠠᠷ ᠢᠶᠠᠨ ᠨᠠᠪᠲᠠᠷᠡᠭᠦᠯᠵᠦ᠂ ᠤᠯᠠᠨ ᠲᠦᠮᠡᠨ ᠳᠤ ᠠᠰᠠᠷᠠᠮᠵᠢ ᠣᠯᠭᠤᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠨᠡᠨᠬᠦ ᠪᠡᠶᠡᠯᠡᠭᠦᠯᠬᠦ ᠪᠣᠯᠣᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号