ᠬᠤᠷᠴᠢᠨ ᠲᠣᠭᠤᠷᠢᠭ᠄ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠨ᠎ᠠ
ᠨᠡᠶᠢᠲᠡᠯᠡᠭᠰᠡᠨ ᠴᠠᠭ᠄
2023/11/21
     ᠣᠶᠢᠷ᠎ᠠ ᠶᠢᠨ ᠵᠢᠯ ᠤᠨ ᠲᠤᠷᠰᠢ᠂ ᠬᠤᠷᠴᠢᠨ ᠲᠣᠭᠤᠷᠢᠭ ᠤᠨ ᠬᠢᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠦᠨ᠎ᠡ ᠬᠠᠩᠰᠢ ᠶᠢ ᠬᠢᠨᠠᠨ ᠬᠠᠰᠤᠬᠤ᠂ ᠬᠢᠮᠳᠠᠷᠠᠭᠤᠯᠤᠨ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠨ ᠦᠯᠡᠳᠡᠵᠦ ᠪᠠᠶᠢᠭ᠎ᠠ ᠥᠷᠢ ᠥᠭᠴᠡᠭᠡ ᠶᠢ ᠰᠢᠢᠳᠪᠦᠷᠢᠯᠡᠵᠦ᠂ ᠠᠶᠤᠯ ᠲᠦᠭᠰᠢᠭᠦᠷᠢ ᠶᠢ ᠦᠨᠡᠯᠡᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠥᠷᠢ ᠥᠭᠴᠡᠭᠡ ᠶᠢ ᠬᠢᠵᠠᠭᠠᠷᠯᠠᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠥᠷᠢ ᠥᠭᠴᠡᠭᠡ ᠶᠢᠨ ᠨᠡᠮᠡᠭᠳᠡᠯ ᠢ ᠡᠷᠡᠰ ᠬᠤᠷᠢᠭᠯᠠᠵᠤ᠂ ᠦᠯᠡᠳᠡᠵᠦ ᠪᠠᠶᠢᠭ᠎ᠠ ᠥᠷᠢ ᠥᠭᠴᠡᠭᠡ ᠶᠢ ᠠᠷᠢᠯᠭᠠᠵᠠᠢ᠃ ᠡᠭᠦᠨ ᠤ ᠬᠠᠮᠲᠤ᠂ ᠡᠳ᠋ ᠤᠨ ᠵᠠᠰᠠᠭ ᠤᠨ ᠪᠡᠯᠡ ᠮᠥᠩᠭᠦ᠋ᠢᠨ ᠠᠵᠢᠯᠯᠠᠭᠠᠨ ᠤ ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠳᠠᠷᠠᠭ᠎ᠠ ᠵᠢᠴᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠵᠦ ᠬᠢᠨᠠᠯᠲᠠ ᠲᠠᠯᠪᠢᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠶᠢ ᠵᠦᠢ ᠵᠣᠬᠢᠰᠲᠠᠢ ᠲᠣᠬᠢᠷᠠᠭᠤᠯᠬᠤ᠂ ᠥᠨᠳᠥᠷ ᠪᠦᠲᠦᠮᠵᠢᠲᠡᠶ ᠪᠠᠷ ᠬᠡᠷᠡᠭᠯᠡᠬᠦ ᠶᠢ ᠦᠨᠡᠨ ᠬᠦ ᠪᠠᠲᠤᠯᠠᠨ᠎ᠠ︔ ᠡᠷᠡᠭᠦᠯ ᠪᠤᠰᠤ ᠵᠢᠭᠡᠯᠡᠯᠭᠡ᠂ ᠥᠷᠢ ᠲᠥᠯᠥᠬᠦ ᠡᠳ᠋ ᠬᠥᠷᠥᠩᠭᠡ ᠵᠡᠷᠭᠡ ᠲᠡᠦᠬᠡᠨ ᠳᠠᠷᠤᠭᠠᠰᠤ ᠶᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠤᠯᠠᠨ ᠡᠰᠢᠴᠢᠯᠡᠭᠰᠡᠨ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢ ᠥᠷᠭᠡᠳᠬᠡᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号