ᠬᠤᠷᠴᠢᠨ ᠲᠣᠭᠤᠷᠢᠭ᠄ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠪᠠᠲᠤᠯᠠᠨ᠎ᠠ
ᠨᠡᠶᠢᠲᠡᠯᠡᠭᠰᠡᠨ ᠴᠠᠭ᠄
2023/11/24
         ᠡᠨᠡ ᠵᠢᠯ᠂ ᠬᠤᠷᠴᠢᠨ ᠲᠣᠭᠤᠷᠢᠭ ᠤᠨ ᠬᠢᠨ ᠢᠳᠡᠭᠡᠨ ᠤ ᠠᠮᠤᠷ ᠲᠦᠪᠰᠢᠨ ᠤ ᠠᠵᠢᠯ ᠢ ᠤᠯᠠᠮ ᠴᠢᠨᠠᠭᠰᠢᠳᠠ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠬᠤᠷᠴᠢᠨ ᠲᠣᠭᠤᠷᠢᠭ ᠲᠤ ᠨᠡᠶᠢᠲᠡ 7165 ᠢᠳᠡᠭᠡᠨ ᠤ ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠲᠠᠢ ᠪᠠᠶᠢᠵᠤ᠂ 663 ᠺᠠᠳ᠋ᠷ ᠤᠨ ᠳᠠᠭᠠᠳᠬᠠᠯ ᠢ ᠳᠠᠭᠠᠭᠠᠴᠢᠯᠠᠬᠤ ᠶᠢ ᠬᠡᠷᠡᠭᠵᠢᠭᠦᠯᠬᠦ ᠪᠠᠷ ᠲᠣᠭᠲᠠᠵᠤ᠂ ᠳᠠᠭᠠᠳᠬᠠᠯ ᠢ ᠳᠠᠭᠠᠭᠠᠴᠢᠯᠠᠭᠰᠠᠨ ᠺᠠᠳ᠋ᠷ ᠤᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠨᠣᠷᠮ᠎ᠠ ᠨᠢ 100%  ᠳᠤ ᠬᠦᠷᠪᠡ᠃ ᠡᠭᠦᠨ ᠤ ᠬᠠᠮᠲᠤ᠂ ᠬᠠᠷᠢᠶ᠎ᠠ ᠣᠷᠣᠨ ᠤ ᠠᠵᠤ ᠠᠬᠤᠶᠢᠯᠠᠯ᠂ ᠡᠯ᠎ᠡ ᠱᠠᠲᠤᠨ ᠤ ᠳᠠᠭᠠᠳᠬᠠᠯ ᠢ ᠳᠠᠭᠠᠭᠠᠴᠢᠯᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠤᠨ ︽ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠯᠲᠡ ᠶᠢᠨ ᠲᠤᠬᠠᠢ ᠤᠬᠠᠭᠤᠯᠭ᠎ᠠ ᠬᠢᠵᠦ᠂ ᠳᠦᠷᠢᠮ ᠲᠣᠭᠲᠠᠭᠠᠬᠤ᠂ ᠠᠵᠢᠯᠲᠠᠨ ᠲᠣᠬᠢᠷᠠᠭᠤᠯᠬᠤ᠂ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠴᠢᠩᠭ᠎ᠠ ᠬᠢᠨᠠᠨ ᠬᠠᠮᠢᠶᠠᠷᠬᠤ ᠵᠡᠷᠭᠡ ᠳᠥᠷᠪᠡᠨ ᠲᠠᠯ᠎ᠠ ᠪᠠᠷ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号