ᠡᠨᠡ ᠵᠢᠯ᠂ ᠬᠤᠷᠴᠢᠨ ᠲᠣᠭᠤᠷᠢᠭ ᠤᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ | ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ | ᠬᠥᠮᠦᠵᠢᠯ ᠦᠢᠯᠡᠳᠦᠯᠭᠡ ᠶᠢᠨ ᠬᠤᠶᠠᠷ ᠲᠠᠯ᠎ᠠ ᠶᠢ ᠠᠳᠬᠤᠬᠤ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠬᠤᠷᠴᠢᠨ | ᠲᠣᠭᠤᠷᠢᠭ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠠᠵᠢᠯ ᠤᠨ | ᠦᠢᠯᠡᠳᠦᠯᠭᠡ ᠶᠢᠨ ᠳᠤᠮᠳᠠ᠂ ᠬᠤᠷᠴᠢᠨ ᠲᠣᠭᠤᠷᠢᠭ ᠤᠨ ᠬᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠨ | ᠠᠳᠬᠤᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠨᠠᠷᠠᠲᠤ ᠲᠥᠷᠥᠯ | ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠲᠠᠷᠢᠶᠠᠯᠠᠩ ᠤᠨ ᠦᠢᠯᠡᠳᠪᠦᠷᠢᠯᠡᠯ ᠤᠨ ᠲᠠᠯ᠎ᠠ ᠪᠠᠷ᠂ | ᠣᠨᠴᠠᠯᠢᠭᠲᠤ ᠲᠠᠷᠢᠶᠠᠯᠠᠩ ᠤᠨ ᠭᠤᠣᠯᠯᠠᠬᠤ ᠠᠵᠤ ᠦᠢᠯᠡᠰ ᠪᠠ ᠳᠠᠪᠠᠭᠤᠯᠢᠭ ᠠᠵᠤ ᠦᠢᠯᠡᠰ ᠢ ᠪᠣᠶᠢᠵᠢᠭᠤᠯᠬᠤ ᠶᠢ | ᠪᠠᠷᠢᠮᠲᠠᠯᠠᠵᠤ᠂ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ ᠪᠠᠷ ᠤᠷᠲᠤᠳᠬᠠᠨ ᠥᠷᠭᠡᠳᠬᠡᠨ᠎ᠡ᠃ | ᠡᠭᠦᠨ ᠤ ᠬᠠᠮᠲᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ | ᠠᠬᠢᠭᠤᠯᠵᠤ᠂ ᠲᠣᠥᠷᠵᠢᠭᠤᠯᠤᠭᠰᠠᠨ ᠨᠡᠶᠢᠭᠡᠮ ᠤᠨ ᠵᠠᠰᠠᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠨᠡᠶᠢᠭᠡᠮ | ᠲᠣᠭᠤᠷᠢᠭ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠷᠠᠭᠤᠯᠤᠨ᠎ᠠ᠃ |