ᠬᠤᠷᠴᠢᠨ ᠲᠣᠭᠤᠷᠢᠭ᠄ ᠡᠯᠡᠰᠦᠵᠢᠭᠰᠡᠨ ᠭᠠᠵᠠᠷ ᠰᠢᠷᠣᠢ ᠶᠢ ᠪᠦᠲᠦᠮᠵᠢᠲᠡᠶ ᠵᠠᠰᠠᠵᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/11/27
     ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠶᠢ ᠲᠠᠰᠤᠷᠠᠯᠳᠡ ᠦᠭᠡᠢ ᠴᠢᠩᠭᠠᠳᠬᠠᠵᠤ᠂ ᠭᠤᠷᠪᠠᠨ ᠤᠮᠠᠷᠠᠲᠤ ᠶᠢᠨ ᠬᠠᠯᠬᠠᠪᠴᠢ ᠤᠢ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ ᠬᠤᠷᠴᠢᠨ ᠲᠣᠭᠤᠷᠢᠭ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ ᠪᠤᠢ᠃ 2023 ᠣᠨ ᠳᠤ᠂ 15514 ᠮᠦ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠵᠡᠷᠭᠡ ᠠᠮᠢ ᠠᠬᠤᠢ ᠶᠢᠨ ᠰᠢᠰᠲ᠋ᠧᠮ ᠤᠨ ᠴᠢᠳᠠᠮᠵᠢ ᠪᠠ ᠲᠣᠭᠲᠠᠪᠤᠷᠢᠲᠤ ᠴᠢᠨᠠᠷ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠰᠢᠰᠲ᠋ᠧᠮᠵᠢ ᠪᠠ ᠣᠶ ᠰᠢᠭᠤᠢ ᠡᠪᠡᠰᠦ ᠡᠯᠡᠰᠦᠨ ᠤ ᠠᠵᠤ ᠦᠢᠯᠡᠰ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠪᠠᠶᠢᠭᠤᠯᠵᠤ᠂ ᠰᠠᠯᠬᠢ ᠡᠯᠡᠰᠦᠨ ᠤ ᠬᠥᠨᠥᠭᠡᠯ ᠢ ᠪᠥᠬᠦ ᠲᠠᠯ᠎ᠠ ᠪᠠᠷ ᠪᠦᠲᠦᠮᠵᠢᠲᠡᠶ ᠬᠤᠷᠢᠭᠯᠠᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号