ᠬᠤᠷᠴᠢᠨ ᠲᠣᠭᠤᠷᠢᠭ᠄ ᠡᠯ᠎ᠡ ᠵᠦᠢᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2023/11/28
    ᠡᠨᠡ ᠵᠢᠯ᠂ ᠬᠤᠷᠴᠢᠨ ᠲᠣᠭᠤᠷᠢᠭ ᠤᠨ ᠬᠢᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ︽ᠨᠢᠭᠡᠳᠦᠭᠡᠷ ᠬᠠᠷᠢᠭᠤᠴᠠᠯᠭᠠᠲᠠᠨ ᠤ ᠢᠨᠵᠧᠨᠧᠷᠢᠩ︾ ᠪᠣᠯᠭᠠᠨ ᠠᠬᠢᠭᠤᠯᠵᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠲᠠᠲᠠᠵᠤ ᠪᠣᠳᠠᠲᠤ ᠴᠣᠭᠴᠠ ᠶᠢᠨ ᠭᠠᠶᠢᠯᠢ ᠬᠥᠩᠭᠡᠯᠡᠬᠦ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠠᠵᠢᠯ ᠤᠨ ᠲᠥᠰᠥᠯ ᠲᠣᠭᠲᠠᠭᠠᠨ ᠲᠠᠷᠬᠠᠭᠠᠵᠤ᠂ ᠡᠯ᠎ᠡ ᠱᠠᠲᠤ ᠦᠶ᠎ᠡ ᠶᠢᠨ ᠠᠵᠢᠯ ᠤᠨ ᠭᠤᠣᠯᠳᠠᠯᠭ᠎ᠠ ᠶᠢ ᠲᠣᠳᠣᠷᠬᠠᠢ ᠲᠣᠭᠲᠠᠭᠠᠪᠠ᠃ ᠬᠤᠷᠴᠢᠨ ᠲᠣᠭᠤᠷᠢᠭ ᠤᠨ ᠬᠢᠨ ᠭᠠᠶᠢᠯᠢ ᠰᠦᠢᠳᠬᠡᠯ ᠤᠨ ᠡᠭᠦᠯᠡᠨ ᠦᠢᠯᠡᠴᠢᠯᠡᠭᠡᠨ ᠤ ᠲᠥᠪ᠂ ᠰᠢᠰᠲ᠋ᠧᠮ ᠲᠠᠢ ᠬᠦᠷᠭᠡᠬᠦ ᠵᠡᠷᠭᠡ ᠬᠡᠯᠪᠡᠷᠢ ᠪᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠵᠢᠯ ᠤᠨ ᠡᠬᠢᠨ ᠠᠴᠠ ᠨᠠᠰᠢ᠂ ᠭᠠᠶᠢᠯᠢ ᠲᠤᠰᠢᠶᠠᠭᠴᠢ ᠶᠢᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠰᠤᠷᠪᠤᠯᠵᠢᠯᠠᠬᠤ ᠪᠠᠷ ᠳᠠᠮᠵᠢᠭᠤᠯᠤᠨ 14480 ᠡᠷᠦᠬᠡ ᠤᠳᠠᠭ᠎ᠠ ᠶᠢᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠭᠡᠭᠰᠡᠨ ᠪᠠᠶᠢᠨ᠎ᠠ᠃ ᠡᠭᠦᠨ ᠤ ᠬᠠᠮᠲᠤ᠂ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠯᠪᠤᠭᠠᠯᠠᠨ ᠬᠠᠮᠵᠢᠯᠴᠠᠬᠤ ᠲᠣᠭᠲᠠᠴᠠ‌‍ᠶᠢ ᠪᠠᠶᠢᠭᠤᠯᠤᠨ᠂ ᠬᠢᠨᠠᠨ ᠵᠥᠪᠰᠢᠶᠡᠷᠡᠬᠦ ᠲᠥᠷᠥᠯ ᠵᠦᠢᠯ ᠪᠠᠶᠢᠭᠤᠯᠤᠭᠰᠠᠨ 93 ᠭᠤᠣᠯᠳᠠᠯᠭ᠎ᠠ ᠲᠠᠢ ᠲᠥᠷᠥᠯ ᠵᠦᠢᠯ ᠢᠶᠠᠷ ᠭᠠᠷᠳᠠᠬᠤ ᠴᠡᠭ ᠪᠣᠯᠭᠠᠵᠤ᠂ ᠠᠵᠤ ᠠᠬᠤᠶᠢᠯᠠᠯ ᠳᠤ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠠᠩᠭᠠᠵᠠᠢ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号