11 ᠰᠠᠷ᠎ᠠ ᠶᠢᠨ 29 ᠤ ᠡᠳᠦᠷ᠂ ᠬᠤᠷᠴᠢᠨ ᠲᠣᠭᠤᠷᠢᠭ ᠤᠨ 2023 ᠣᠨ ᠤ ᠠᠷᠢᠭᠤᠨ ᠴᠢᠬᠡᠴᠢ | ᠰᠣᠶᠣᠯ ᠤᠨ ᠪᠠᠶᠢᠭᠤᠯᠤᠯᠲᠠ ᠶᠢᠨ ᠬᠤᠶᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ | ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ | ᠬᠢᠨᠠᠮᠠᠭᠠᠢ ᠨᠠᠶᠢᠳᠠᠪᠤᠷᠢᠵᠢᠭᠤᠯᠤᠨ᠂ ᠡᠨᠡ ᠵᠢᠯ ᠠᠴᠠ ᠨᠠᠰᠢᠬᠢ ᠬᠤᠷᠴᠢᠨ ᠲᠣᠭᠤᠷᠢᠭ ᠤᠨ ᠠᠷᠢᠭᠤᠨ ᠴᠢᠬᠡᠴᠢ | ᠰᠣᠶᠣᠯ ᠤᠨ ᠪᠠᠶᠢᠭᠤᠯᠤᠯᠲᠠ ᠶᠢᠨ ᠠᠵᠢᠯ ᠢ ᠪᠦᠬᠦᠯᠢ ᠴᠣᠭᠴᠠ ᠪᠠᠷ ᠠᠬᠢᠭᠤᠯᠵᠤ ᠪᠠᠶᠢᠭ᠎ᠠ ᠪᠠᠶᠢᠳᠠᠯ ᠢ ᠡᠷᠭᠢᠴᠡᠭᠦᠯᠦᠨ | ᠳ᠋ᠦᠩᠨᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠳᠠᠬᠢᠨ ᠰᠤᠳᠤᠯᠵᠤ ᠳᠠᠬᠢᠨ ᠳᠠᠶᠢᠴᠢᠯᠠᠵᠤ ᠳᠠᠬᠢᠨ | ᠪᠠᠶᠢᠷᠢᠯᠠᠭᠤᠯᠤᠨ᠎ᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠯᠢ ᠶᠦᠩ ᠭᠠᠩ᠂ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠣᠣ | ᠰᠢᠶᠣᠣ ᠶᠢᠩ ᠬᠤᠷᠠᠯ ᠳᠤ ᠣᠷᠣᠯᠴᠠᠪᠠ᠃ | |