ᠬᠤᠷᠴᠢᠨ ᠲᠣᠭᠤᠷᠢᠭ᠄ ︽ᠭᠤᠷᠪᠠᠨ ᠵᠦᠢᠯ ᠢᠶᠠᠷ ᠬᠠᠪᠰᠤᠷᠤᠨ ᠲᠡᠳᠬᠦᠬᠦ︾ ᠶᠢ ᠰᠠᠶᠢᠲᠤᠷ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/11/6
    ᠡᠨᠡ ᠵᠢᠯ᠂ ᠬᠤᠷᠴᠢᠨ ᠲᠣᠭᠤᠷᠢᠭ ᠤᠨ ᠬᠢᠨ ᠮᠥᠩᠭᠦᠨ ᠭᠦᠢᠯᠭᠡᠭᠡᠨ ᠤ ᠲᠡᠳᠬᠦᠮᠵᠢ᠂ ᠠᠵᠢᠯ ᠣᠯᠭᠤᠯᠲᠠ ᠶᠢᠨ ᠲᠡᠳᠬᠦᠮᠵᠢ᠂ ᠡᠷᠡᠭᠦᠯ ᠮᠡᠨᠳᠦ ᠶᠢᠨ ᠲᠡᠳᠬᠦᠮᠵᠢ ︽ᠭᠤᠷᠪᠠᠨ ᠵᠦᠢᠯ ᠤᠨ ᠲᠡᠳᠬᠦᠮᠵᠢ︾ ᠶᠢᠨ ᠠᠵᠢᠯ ᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠶᠢ ᠪᠦᠬᠦ ᠬᠦᠴᠦᠨ ᠢᠶᠠᠷ ᠠᠬᠢᠭᠤᠯᠪᠠ᠃ ᠬᠤᠷᠴᠢᠨ ᠲᠣᠭᠤᠷᠢᠭ ᠨᠢ ᠬᠥᠳᠡᠯᠮᠦᠷᠢᠯᠡᠬᠦ ᠴᠢᠳᠠᠪᠤᠷᠢ ᠲᠠᠢ ᠪᠠ ᠦᠢᠯᠡᠳᠪᠦᠷᠢᠯᠡᠯ ᠤᠨ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠲᠠᠷᠢᠶᠠᠴᠢᠨ ᠡᠷᠦᠬᠡ ᠳᠤ ᠪᠠᠭ᠎ᠠ ᠲᠣᠭᠠᠨ ᠤ ᠵᠢᠭᠡᠯᠡᠯᠭᠡ ᠲᠠᠯᠪᠢᠨ᠎ᠠ᠃ ᠣᠲᠣ ᠪᠣᠯᠲᠠᠯ᠎ᠠ᠂ ᠰᠢᠨ᠎ᠡ ᠪᠠᠷ ᠵᠢᠭᠰᠠᠭᠠᠨ ᠪᠠᠶᠢᠴᠠᠭᠠᠵᠤ ᠭᠠᠷᠭᠠᠭᠰᠠᠨ 144 ᠡᠷᠦᠬᠡ ᠳᠤ 720 ᠲᠦᠮᠡᠨ ᠲᠥᠭᠦᠷᠢᠭ ᠤᠨ ᠪᠠᠭ᠎ᠠ ᠲᠣᠭᠠᠨ ᠤ ᠵᠢᠭᠡᠯᠡᠯᠭᠡ ᠲᠠᠯᠪᠢᠵᠤ ᠪᠠᠶᠢᠨ᠎ᠠ᠃ ᠡᠭᠦᠨ ᠤ ᠬᠠᠮᠲᠤ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠨᠡᠶᠢᠲᠡ ᠶᠢᠨ ᠠᠰᠠᠷᠠᠮᠵᠢ‌‍ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠵᠡᠷᠭᠡ ᠠᠵᠢᠯ ᠢ ᠲᠦᠯᠬᠢᠨ ᠡᠨᠡ ᠵᠢᠯ ᠤᠨ 1 ︱ 8 ᠰᠠᠷ᠎ᠠ ᠳᠤ᠂ ᠨᠡᠶᠢᠲᠡ 2551 ᠬᠥᠮᠥᠨ ᠳᠤ ᠠᠵᠢᠯ ᠣᠯᠭᠤᠵᠤ ᠬᠠᠪᠰᠤᠷᠤᠨ ᠲᠡᠳᠬᠦᠪᠡ᠃ ᠡᠭᠦᠨ ᠠᠴᠠ ᠭᠠᠳᠠᠨ᠎ᠠ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠭᠤᠷᠪᠠᠨ ᠳᠠᠪᠬᠤᠷ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠬᠢᠨᠠᠨ ᠰᠢᠯᠭᠠᠬᠤ ᠡᠲᠡᠭᠡᠳ ᠤᠨ 2049 ᠬᠥᠮᠥᠨ ᠪᠦᠬᠦᠨ ᠢᠶᠠᠷ ᠢᠶᠠᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号