11 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠬᠤᠷᠴᠢᠨ ᠲᠣᠭᠤᠷᠢᠭ ᠲᠤ ᠡᠪᠦᠯ ᠤᠨ ᠤᠯᠠᠷᠢᠯ | ᠤᠨ ᠠᠩᠬᠠᠨ ᠤ ᠶᠡᠭᠡ ᠬᠡᠪᠴᠢᠶᠡᠨ ᠤ ᠴᠠᠰᠤ ︵ᠪᠣᠷᠣᠭᠠᠨ︶ ᠣᠷᠣᠵᠤ᠂ ᠳᠤᠯᠠᠭᠠᠨ ᠤ ᠬᠡᠮᠵᠢᠶ᠎ᠡ ᠶᠡᠭᠡ ᠪᠠᠷ ᠪᠠᠭᠤᠷᠠᠵᠤ᠂ | ᠶᠡᠭᠡ ᠰᠠᠯᠬᠢᠨ ᠤ ᠴᠠᠭ ᠠᠭᠤᠷ ᠤᠨ ᠪᠠᠶᠢᠳᠠᠯ ᠢᠯᠡᠷᠡᠵᠡᠢ᠃ ᠬᠤᠷᠴᠢᠨ ᠲᠣᠭᠤᠷᠢᠭ ᠤᠨ ᠬᠢᠨ ᠬᠡᠲᠦᠷᠡᠮᠡᠬᠡᠢ ᠴᠠᠭ | ᠠᠭᠤᠷ ᠢ ᠠᠷᠭᠠᠴᠠᠬᠤ ᠲᠣᠬᠢᠷᠠᠭᠤᠯᠤᠯᠲᠠ ᠶᠢᠨ ᠬᠤᠷᠠᠯ ᠢ ᠤᠷᠢᠳᠴᠢᠯᠠᠨ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠪᠠᠶᠢᠷᠢᠯᠠᠭᠤᠯᠤᠯᠲᠠ ᠪᠠᠨ ᠨᠠᠷᠢᠯᠢᠭᠵᠢᠭᠤᠯᠤᠨ᠂ ᠰᠡᠷᠭᠡᠶᠢᠯᠡᠬᠦ᠂ ᠪᠠᠲᠤᠯᠠᠬᠤ᠂ ᠠᠶᠤᠯ ᠠᠴᠠ ᠠᠪᠤᠷᠠᠬᠤ᠂ ᠭᠠᠮᠰᠢᠭ ᠠᠴᠠ | ᠠᠪᠤᠷᠠᠬᠤ ᠵᠡᠷᠭᠡ ᠡᠯ᠎ᠡ ᠵᠦᠢᠯᠦᠨ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠪᠡ᠃ ᠬᠤᠷᠴᠢᠨ ᠲᠣᠭᠤᠷᠢᠭ ᠤᠨ | ᠬᠢᠨ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠵᠡᠭᠡᠯᠢ | ᠳᠠᠭᠠᠤ ᠬᠤᠳᠠᠯᠳᠤᠭᠠᠨ ᠤ ᠡᠷᠦᠬᠡ ᠶᠢ ᠴᠠᠭ ᠲᠤᠬᠠᠢ ᠳᠤᠨᠢ ᠴᠠᠰᠤ ᠮᠥᠰᠥ ᠶᠢ ᠠᠷᠢᠯᠭᠠᠵᠤ᠂ ᠬᠤᠷᠠᠭᠰᠠᠨ ᠴᠠᠰᠤ ᠶᠢ | ᠴᠠᠭ ᠲᠤᠬᠠᠢ ᠳᠤᠨᠢ ᠴᠡᠪᠡᠷᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠵᠠᠬ᠎ᠠ ᠳᠡᠯᠭᠡᠭᠦᠷᠦᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠦᠨ᠎ᠡ ᠶᠢ ᠲᠣᠭᠲᠠᠪᠤᠷᠢᠵᠢᠭᠤᠯᠵᠤ | ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠣᠳᠣᠬᠠᠨ ᠳᠤ᠂ ᠬᠤᠷᠴᠢᠨ ᠲᠣᠭᠤᠷᠢᠭ ᠤᠨ ᠠᠮᠤ ᠪᠤᠳᠠᠭ᠎ᠠ᠂ | ᠭᠤᠯᠢᠷ᠂ ᠲᠣᠰᠣ ᠵᠢᠴᠢ ᠢᠳᠡᠰᠢᠨ ᠨᠣᠭᠤᠭ᠎ᠠ ᠵᠡᠷᠭᠡ ᠡᠳ᠋ ᠪᠣᠳᠠᠰ ᠤᠨ ᠬᠠᠩᠭᠠᠯᠭ᠎ᠠ ᠭᠦᠢᠴᠡᠳ ᠪᠠᠶᠢᠨ᠎ᠠ᠃ | |