ᠬᠤᠷᠴᠢᠨ ᠲᠣᠭᠤᠷᠢᠭ᠄ ᠠᠵᠢᠯ ᠦᠢᠯᠡᠰ ᠤᠨ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠬᠦᠴᠦᠨ ᠢᠶᠠᠷ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/11/9
    ᠡᠨᠡ ᠵᠢᠯ᠂ ᠬᠤᠷᠴᠢᠨ ᠲᠣᠭᠤᠷᠢᠭ ᠤᠨ ᠬᠢᠨ ᠠᠵᠢᠯ ᠦᠢᠯᠡᠰ ᠤᠨ ᠨᠢᠭᠡᠴᠢ ᠶᠢᠨ ᠬᠠᠤᠯᠢ ᠶᠢᠨ ᠡᠷᠬᠡᠲᠡᠨ ᠤ ᠳᠠᠩᠰᠠᠯᠠᠯᠲᠠ ᠶᠢ ᠪᠠᠶᠢᠭᠤᠯᠤᠭᠰᠠᠨ᠂ ᠬᠤᠪᠢᠷᠠᠭᠤᠯᠤᠭᠰᠠᠨ᠂ ᠬᠦᠴᠦᠨ ᠦᠭᠡᠢ ᠪᠣᠯᠭᠠᠭᠰᠠᠨ ᠪᠠᠶᠢᠳᠠᠯ ᠵᠢᠴᠢ ᠣᠨ ᠤ ᠮᠡᠳᠡᠭᠦᠯᠦᠯᠲᠡ ᠶᠢ ᠵᠠᠷᠯᠠᠨ ᠨᠡᠶᠢᠲᠡᠯᠡᠭᠰᠡᠨ ᠪᠠᠶᠢᠳᠠᠯ ᠵᠡᠷᠭᠡ ᠠᠭᠤᠯᠭ᠎ᠠ ᠶᠢ ᠰᠤᠭᠤᠴᠢᠨ ᠪᠠᠶᠢᠴᠠᠭᠠᠬᠤ ᠭᠤᠣᠯᠳᠠᠯᠭ᠎ᠠ ᠪᠣᠯᠭᠠᠵᠤ᠂ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠰᠤᠭᠤᠴᠢᠨ ᠪᠠᠶᠢᠴᠠᠭᠠᠬᠤ ᠠᠭᠤᠯᠭ᠎ᠠ ᠶᠢᠨ ᠲᠣᠳᠣᠷᠬᠠᠢ ᠬᠠᠭᠤᠳᠠᠰᠤ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠦᠨ᠂ ᠠᠵᠢᠯ ᠦᠢᠯᠡᠰ ᠤᠨ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃ ᠡᠭᠦᠨ ᠤ ᠬᠠᠮᠲᠤ᠂ ᠠᠵᠢᠯ ᠦᠢᠯᠡᠰ ᠤᠨ ᠨᠢᠭᠡᠴᠢ ᠶᠢᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠬᠤ ᠲᠠᠢ ᠤᠶᠠᠯᠳᠤᠭᠤᠯᠤᠨ᠂ ᠠᠵᠢᠯ ᠦᠢᠯᠡᠰ ᠤᠨ ᠨᠢᠭᠡᠴᠢ ᠶᠢᠨ ᠬᠠᠤᠯᠢ ᠶᠢᠨ ᠡᠷᠬᠡᠲᠡᠨ ᠤ ᠳᠡᠩᠰᠡᠯᠡᠨ ᠬᠠᠮᠢᠶᠠᠷᠬᠤ᠂ ᠣᠨ ᠤ ᠮᠡᠳᠡᠭᠦᠯᠦᠯᠲᠡ ᠶᠢ ᠢᠯᠡ ᠨᠡᠶᠢᠲᠡᠯᠡᠬᠦ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠡᠭᠦᠨ ᠠᠴᠠ ᠭᠠᠳᠠᠨ᠎ᠠ᠂ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠭᠰᠠᠨ ᠪᠠᠶᠢᠳᠠᠯ ᠢ ᠢᠯᠡ ᠪᠣᠯᠭᠠᠬᠤ ᠡᠷᠴᠢᠮ ᠢ ᠦᠨᠡᠨ ᠬᠦ ᠴᠢᠩᠭᠠᠷᠠᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠨ᠂ ᠠᠵᠢᠯ ᠦᠢᠯᠡᠰ ᠤᠨ ᠨᠢᠭᠡᠴᠢ ᠶᠢᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠵᠢᠷᠤᠮᠵᠢᠭᠤᠨ ᠠᠵᠢᠯᠯᠠᠬᠤ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号