ᠣᠶᠢᠷ᠎ᠠ ᠶᠢᠨ ᠵᠢᠯ ᠠᠴᠠ ᠨᠠᠭᠠᠰᠢ᠂ ᠬᠤᠷᠴᠢᠨ ᠲᠣᠭᠤᠷᠢᠭ ᠨᠢ ᠬᠥᠳᠡᠭᠡ ᠲᠣᠰᠬᠤᠨ ᠤ ᠵᠠᠩ ᠰᠤᠷᠲᠠᠯ ᠤᠨ | ᠪᠣᠯᠪᠠᠰᠤᠨ ᠤ ᠪᠠᠶᠢᠭᠤᠯᠤᠯᠲᠠ ᠪᠠᠷ ᠲᠤᠰᠤᠯᠲᠠ ᠪᠠᠨ ᠪᠣᠯᠭᠠᠵᠤ᠂ ︽ᠨᠢᠭᠡ ᠭᠡᠷ᠎ᠡ ᠳᠥᠷᠪᠡᠨ ᠬᠤᠷᠠᠯ︾ ᠤᠨ | ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠲᠥᠷᠥᠯ ᠤᠨ ᠰᠢᠯᠭᠠᠷᠠᠭᠤᠯᠤᠨ ᠰᠣᠩᠭᠤᠬᠤ᠂ ᠵᠠᠩ ᠳᠠᠳᠬᠠᠯ | ᠤᠨ ᠥᠭᠡᠷᠡᠴᠢᠯᠡᠯᠲᠡ ᠬᠥᠳᠡᠭᠡ ᠲᠣᠰᠬᠤᠨ ᠳᠤ ᠣᠷᠣᠬᠤ ᠭᠤᠣᠯ ᠰᠡᠳᠦᠪᠲᠦ ᠲᠣᠭᠤᠷᠢᠨ ᠲᠣᠭᠯᠠᠯᠲᠠ᠂ ︽ | ᠰᠢᠨᠵᠢᠯᠡᠬᠦ ᠤᠬᠠᠭᠠᠨᠴᠢ ᠪᠣᠯᠪᠠᠰᠤᠨ ᠢ ᠡᠷᠬᠢᠮᠯᠡᠵᠦ᠂ ᠹᠧᠣᠳᠠᠯ ᠤᠨ ᠮᠤᠩᠬᠠᠭ ᠪᠠᠯᠠᠢ ᠶᠢ ᠡᠰᠡᠷᠭᠦᠴᠡᠬᠦ︾ ︽ | ᠣᠷᠤᠭ ᠤᠨ ᠶᠠᠪᠤᠳᠠᠯ ᠢ ᠰᠢᠨ᠎ᠡ ᠪᠠᠷ ᠡᠷᠭᠢᠯᠡᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠡᠷᠭᠢᠯᠡᠬᠦ᠂ ᠪᠠᠶᠠᠷ ᠤᠨ | ᠶᠠᠪᠤᠳᠠᠯ ᠢ ᠠᠷᠪᠢᠯᠠᠨ ᠡᠷᠭᠢᠯᠡᠬᠦ︾ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠣᠰᠬᠤᠨ ᠪᠣᠯᠭᠠᠨ ᠳᠤ | ᠴᠤᠤᠷᠢᠶᠠᠲᠤᠬᠤ᠂ ᠲᠣᠰᠬᠤᠨ ᠤ ᠲᠣᠣᠷᠵᠢᠯ ᠵᠡᠷᠭᠡ ᠠᠷᠭ᠎ᠠ ᠮᠠᠶ᠋ᠢᠭ ᠢ ᠠᠰᠢᠭᠯᠠᠨ᠂ ᠨᠡᠶᠢᠲᠡᠯᠢᠭ ᠵᠢᠱᠢᠶ᠎ᠡ ᠶᠢ | ᠤᠬᠠᠭᠤᠯᠵᠤ᠂ ᠠᠭᠤᠷ ᠠᠮᠢᠰᠬᠤᠯ ᠢ ᠪᠣᠶ ᠪᠣᠯᠭᠠᠵᠤ᠂ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ | ᠪᠣᠯᠪᠠᠰᠤᠨ᠂ ᠡᠷᠡᠭᠦᠯ ᠰᠠᠷᠠᠭᠤᠯ ᠠᠮᠢᠳᠤᠷᠠᠯ ᠤᠨ ᠣᠨᠣᠯᠵᠢᠬᠤᠨ ᠢ ᠪᠣᠶ ᠪᠣᠯᠭᠠᠵᠤ᠂ ᠲᠣᠰᠬᠤᠨ ᠤ ᠰᠤᠷᠲᠠᠯ ᠤᠨ | ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ | |