12 ᠰᠠᠷ᠎ᠠ ᠶᠢᠨ 13 ᠤ ᠡᠳᠦᠷ᠂ ᠬᠤᠷᠴᠢᠨ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠠᠵᠢᠯ ᠤᠨ ᠰᠢᠨ᠎ᠡ ᠶᠢ ᠡᠭᠦᠳᠬᠦ ᠣᠨ ᠵᠢᠴᠢ ᠡᠪᠦᠯ ᠤᠨ ᠤᠯᠠᠷᠢᠯ ᠤᠨ ᠳᠠᠶᠢᠯᠠᠯᠳᠤᠭᠠᠨ ᠢ ᠠᠬᠢᠭᠤᠯᠬᠤ ᠬᠤᠷᠠᠯ | ᠬᠤᠷᠠᠯᠳᠤᠵᠤ᠂ ᠲᠦᠩᠯᠢᠶᠣᠣ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠰᠢᠨ᠎ᠡ ᠶᠢ | ᠡᠭᠦᠳᠬᠦ ᠣᠨ ᠵᠢᠴᠢ ᠡᠪᠦᠯ ᠤᠨ ᠤᠯᠠᠷᠢᠯ ᠤᠨ ᠳᠠᠶᠢᠯᠠᠯᠳᠤᠭᠠᠨ ᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠪᠥᠬᠦ ᠵᠢᠯ ᠤᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠢ ᠳ᠋ᠦᠩᠨᠡᠵᠦ᠂ ᠲᠦᠩᠯᠢᠶᠣᠣ ᠬᠤᠲᠠ ᠶᠢᠨ ᠨᠡᠶᠢᠲᠡᠯᠡᠭᠰᠡᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠲᠠᠢ ᠤᠶᠠᠯᠳᠤᠭᠤᠯᠤᠨ᠂ ᠢᠷᠡᠬᠦ ᠵᠢᠯ ᠤᠨ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠲᠦᠩᠯᠢᠶᠣᠣ ᠬᠤᠲᠠ ᠲᠠᠢ | ᠵᠡᠷᠭᠡᠪᠡᠷ ︽ᠡᠪᠦᠯ ᠤᠨ ᠤᠯᠠᠷᠢᠯ ᠤᠨ ᠳᠠᠶᠢᠯᠠᠯᠳᠤᠭᠠᠨ︾ ᠢ ᠡᠬᠢᠯᠡᠭᠦᠯᠵᠦ᠂ ᠰᠢᠨ᠎ᠡ ᠨᠢᠭᠡ ᠡᠭᠡᠯᠵᠢ ᠶᠢᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠠᠯᠠᠭᠤᠨ ᠥᠷᠨᠢᠯᠲᠡ ᠶᠢ ᠪᠥᠬᠦ ᠲᠠᠯ᠎ᠠ ᠪᠠᠷ ᠪᠣᠶ | ᠪᠣᠯᠭᠠᠨ᠎ᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ | ᠰᠢᠶᠣᠣ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠤᠳᠤᠷᠢᠳᠤᠯᠭ᠎ᠠ ᠰᠢᠦᠢ | ᠽᠧ ᠮᠢᠨ᠂ ᠶᠢᠦ ᠵᠢᠶᠦ᠋ᠨ᠂ ᠳ᠋ᠦ᠋ ᠯᠢ ᠵᠢᠶᠦ᠋ᠨ ᠣᠷᠣᠯᠴᠠᠵᠠᠢ᠃ | |