ᠬᠤᠷᠴᠢᠨ ᠲᠣᠭᠤᠷᠢᠭ᠄ ᠴᠢᠳᠠᠪᠤᠷᠢᠲᠠᠨ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2023/12/14
      ᠡᠨᠡ ᠵᠢᠯ᠂ ᠬᠤᠷᠴᠢᠨ ᠲᠣᠭᠤᠷᠢᠭ ᠤᠨ ᠴᠢᠳᠠᠪᠤᠷᠢᠲᠠᠨ ᠤ ᠦᠢᠯᠡᠴᠢᠯᠡᠭᠡᠨ ᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠳᠠᠪᠤᠷᠢᠲᠠᠨ ᠢ ᠬᠥᠮᠥᠵᠢᠭᠦᠯᠬᠦ ᠪᠠ ᠦᠯᠡᠳᠡᠭᠡᠨ ᠬᠡᠷᠡᠭᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠪᠡ᠃ ᠬᠤᠷᠴᠢᠨ ᠲᠣᠭᠤᠷᠢᠭ ᠤᠨ ᠬᠢᠨ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ᠂ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠦᠷᠳᠡᠭᠡ ᠪᠠᠷ ᠲᠤᠯᠭᠠᠭᠤᠷᠢᠯᠠᠯ ᠪᠣᠯᠭᠠᠵᠤ᠂ ᠨᠢᠭᠡ ᠪᠦᠯᠦᠭ ᠥᠨᠳᠥᠷ ᠲᠦᠪᠰᠢᠨ ᠲᠠᠢ ᠰᠢᠨ᠎ᠡ ᠶᠢ ᠡᠭᠦᠳᠬᠦ ᠴᠢᠳᠠᠪᠤᠷᠢᠲᠠᠨ ᠪᠠ ᠪᠦᠯᠬᠦᠮ ᠢ ᠴᠤᠭᠯᠠᠷᠠᠭᠤᠯᠵᠤ᠂ ︽ᠭᠤᠷᠪᠠᠨ ᠦᠢᠯᠡᠴᠢᠯᠡᠭᠡ ᠨᠢᠭᠡ ᠠᠬᠢᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠴᠢᠳᠠᠪᠤᠷᠢᠲᠠᠨ ᠤ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠵᠡᠷᠭᠡ ᠲᠠᠯ᠎ᠠ ᠪᠠᠷ ᠬᠢ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠪᠠ᠃ ᠡᠭᠦᠨ ᠤ ᠬᠠᠮᠲᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠵᠡᠷᠭᠡ ᠪᠣᠯᠪᠠᠰᠤᠷᠠᠭᠤᠯᠤᠯ ᠤᠨ ᠡᠬᠢ ᠪᠠᠶᠠᠯᠢᠭ ᠲᠤ ᠲᠦᠰᠢᠭᠯᠡᠨ᠂ ᠰᠤᠷᠭᠠᠭᠤᠯᠢ ᠪᠠ ᠠᠵᠤ ᠠᠬᠤᠶᠢᠯᠠᠯ ᠤᠨ ᠪᠣᠯᠪᠠᠰᠤᠷᠠᠭᠤᠯᠤᠯ  ᠢ ᠵᠣᠯᠭᠠᠭᠤᠯᠬᠤ ᠠᠵᠢᠯᠯᠠᠭ᠎ᠠ ᠶᠢ ᠥᠷᠨᠢᠭᠦᠯᠵᠦ᠂ ᠨᠢᠭᠡᠨᠲᠡ 58 ᠬᠥᠮᠥᠨ ᠳᠤ ︽ᠱᠠᠪᠢᠯᠠᠬᠤ ᠳᠦᠷᠢᠮ︾ ᠤᠨ ᠪᠣᠯᠪᠠᠰᠤᠷᠠᠭᠤᠯᠤᠯ᠂ 355 ᠬᠥᠮᠥᠨ ᠳᠤ ︽ᠵᠠᠬᠢᠶᠠᠯᠠᠭ᠎ᠠ ᠶᠢᠨ ᠮᠠᠶ᠋ᠢᠭ︾ ᠤᠨ ᠪᠣᠯᠪᠠᠰᠤᠷᠠᠭᠤᠯᠤᠯ ᠥᠷᠨᠢᠭᠦᠯᠦᠭᠰᠡᠨ ᠪᠥᠭᠡᠳ ᠪᠦᠬᠦᠨ ᠢ ᠬᠡᠷᠡᠭᠴᠡᠭᠡ ᠪᠦᠬᠦᠢ ᠠᠵᠤ ᠠᠬᠤᠶᠢᠯᠠᠯ ᠳᠤ ᠬᠦᠷᠭᠡᠭᠰᠡᠨ ᠪᠠᠶᠢᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号