ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢᠨ ︽ᠲᠠᠭᠤᠨ︾ ᠢ ᠬᠥᠮᠥᠰ ᠤᠨ ᠰᠡᠳᠬᠢᠯ ᠳᠤ ᠬᠠᠳᠠᠩᠰᠢᠭᠤᠯᠤᠨ᠎ᠠ
ᠨᠡᠶᠢᠲᠡᠯᠡᠭᠰᠡᠨ ᠴᠠᠭ᠄
2023/12/15
      11 ᠰᠠᠷ᠎ᠠ ᠶᠢᠨ ᠳᠤᠮᠳᠠᠴᠢ ᠠᠴᠠ ᠨᠠᠰᠢ᠂ ᠬᠤᠷᠴᠢᠨ ᠲᠣᠭᠤᠷᠢᠭ ᠤᠨ ᠨᠠᠮ ᠤᠨ ᠬᠤᠷᠢᠶ᠎ᠠ ᠶᠢᠨ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠷᠢᠳ ᠬᠤᠵᠢᠳ ᠪᠠᠶᠢᠭᠤᠯᠤᠯᠭ᠎ᠠ ᠨᠢᠭᠡᠴᠢ᠂ ᠰᠤᠷᠭᠠᠭᠤᠯᠢ᠂ ᠠᠵᠤ ᠠᠬᠤᠶᠢᠯᠠᠯ᠂ ᠰᠤᠮᠤ ᠪᠠᠯᠭᠠᠰᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠡᠢ᠃ ᠤᠬᠠᠭᠤᠯᠤᠨ ᠲᠠᠶᠢᠯᠪᠤᠷᠢᠯᠠᠬᠤ ᠶᠢ ᠬᠦᠯᠢᠶᠡᠨ ᠠᠪᠤᠭᠴᠢᠳ ᠤᠨ ᠣᠨᠴᠠᠯᠢᠭ ᠲᠠᠢ ᠤᠶᠠᠯᠳᠤᠭᠤᠯᠵᠤ᠂ ᠪᠣᠳᠠᠰᠵᠢᠭᠤᠯᠬᠤ᠂ ᠣᠯᠠᠨ ᠲᠦᠮᠡᠨᠴᠢᠯᠡᠬᠦ ᠬᠡᠯᠪᠡᠷᠢ ᠪᠠᠷ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ  ᠲᠣᠭᠤᠷᠢᠭ ᠤᠨ  ᠨᠠᠮ ᠤᠨ ᠭᠡᠰᠢᠭᠦᠨ ᠺᠠᠳ᠋ᠷ ᠤᠨ ᠡᠩᠨᠡᠭᠡ ᠪᠣᠯᠣᠨ ᠥᠷᠭᠡᠨ ᠤᠯᠠᠨ ᠲᠦᠮᠡᠨ ᠤ ᠳᠤᠮᠳᠠ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠠᠢ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号