ᠬᠤᠷᠴᠢᠨ ᠲᠣᠭᠤᠷᠢᠭ᠄ ᠣᠲᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2023/12/18
      ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠤᠯᠠᠨ ᠨᠡᠶᠢᠲᠡ ᠶᠢᠨ ᠰᠣᠶᠣᠯ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠪᠦᠷᠬᠦᠴᠡ ᠶᠢ ᠨᠡᠩ ᠥᠷᠭᠡᠵᠢᠭᠦᠯᠵᠡᠢ᠃ ᠬᠤᠷᠴᠢᠨ ᠲᠣᠭᠤᠷᠢᠭ ᠲᠤ ᠤᠷᠢᠳ ᠬᠤᠵᠢᠳ 81 ᠲᠣᠭᠤᠷᠢᠭ ᠤᠨ ᠨᠣᠮ ᠤᠨ ᠰᠠᠩ ᠤᠨ ᠬᠤᠪᠢᠶᠠᠷᠢ ᠣᠷᠳᠣᠨ᠂ 285 ᠨᠣᠮ ᠪᠢᠴᠢᠭ ᠤᠨ ᠨᠡᠭᠦᠳᠡᠯ ᠦᠢᠯᠡᠴᠢᠯᠡᠭᠡᠨ ᠤ ᠭᠠᠵᠠᠷ᠂ 16 ᠤᠩᠰᠢᠯᠭ᠎ᠠ ᠶᠢᠨ ᠪᠠᠭᠠᠷ ᠪᠠᠶᠢᠭᠤᠯᠵᠤ᠂ ᠵᠢᠯ ᠳᠤ 12.5 ᠲᠦᠮᠡᠨ ᠬᠥᠮᠥᠨ ᠤᠳᠠᠭ᠎ᠠ ᠶᠢᠨ ᠤᠩᠰᠢᠭᠴᠢᠳ ᠢ ᠬᠦᠯᠢᠶᠡᠨ ᠠᠪᠴᠤ ᠵᠣᠴᠢᠯᠠᠵᠠᠢ︔ ᠲᠣᠭᠠᠴᠢᠯᠠᠭᠰᠠᠨ ᠡᠬᠢ ᠪᠠᠶᠠᠯᠢᠭ ᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠪᠠᠷ ᠳᠠᠮᠵᠢᠭᠤᠯᠤᠨ᠂ 11 ᠰᠤᠮᠤ ᠪᠠᠯᠭᠠᠰᠤ ᠵᠡᠭᠡᠯᠢ ᠭᠤᠳᠤᠮᠵᠢ ᠳᠤ ᠭᠠᠷ ᠤᠲᠠᠰᠤᠨ ᠤ ᠰᠢᠯᠵᠢᠮᠡᠯ ᠨᠣᠮ ᠤᠨ ᠰᠠᠩ ᠬᠡᠷᠡᠭᠯᠡᠬᠦ ᠠᠷᠭ᠎ᠠ ᠶᠢ ᠲᠦᠭᠡᠮᠡᠯᠵᠢᠭᠦᠯᠵᠦ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠣᠷᠣᠨ ᠪᠦᠰᠡ ᠶᠢᠨ ᠵᠠᠪᠰᠠᠷᠳᠠᠯ ᠢ ᠡᠪᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠪᠥᠬᠦ ᠬᠦᠴᠦᠨ ᠢᠶᠠᠷ  ᠳᠡᠭᠡᠭᠰᠢᠯᠡᠭᠦᠯᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号