ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠦᠨᠳᠦᠰᠦᠨ ᠱᠠᠲᠤᠨ ᠳᠤ ᠣᠷᠣᠵᠤ ᠠᠷᠠᠳ ᠲᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠵᠦ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/12/18
     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠤᠷᠴᠢᠨ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠬᠢᠨ ᠭᠤᠣᠯ ᠰᠡᠳᠦᠪᠲᠦ ᠬᠥᠮᠦᠵᠢᠯ ᠪᠣᠯᠣᠨ ᠡᠮ ᠡᠮᠨᠡᠯᠭᠡ ᠶᠢᠨ ᠪᠠᠲᠤᠯᠠᠪᠤᠷᠢ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢ ᠤᠶᠠᠯᠳᠤᠭᠤᠯᠵᠤ᠂ ᠡᠮ ᠡᠮᠨᠡᠯᠭᠡ ᠶᠢᠨ ᠪᠠᠲᠤᠯᠠᠪᠤᠷᠢ ᠶᠢᠨ ᠬᠦᠷᠢᠶᠡᠨ ᠳᠠᠬᠢ ᠤᠯᠠᠨ ᠲᠦᠮᠡᠨ ᠤ  ᠡᠪᠡᠳᠴᠢᠨ ᠦᠵᠡᠭᠦᠯᠬᠦ ᠶᠢᠨ ᠲᠥᠯᠥᠭᠡ ᠰᠠᠨᠠᠭᠠᠰᠢᠷᠠᠵᠤ ᠪᠠᠶᠢᠭ᠎ᠠ ᠶᠠᠪᠤᠳᠠᠯ᠂ ᠵᠣᠪᠠᠵᠤ ᠪᠠᠶᠢᠭ᠎ᠠ ᠶᠠᠪᠤᠳᠠᠯ ᠢ ᠬᠦᠴᠦᠯᠡᠨ ᠰᠢᠢᠳᠪᠦᠷᠢᠯᠡᠵᠦ᠂ ᠡᠮ ᠡᠮᠨᠡᠯᠭᠡ ᠶᠢᠨ ᠳᠠᠭᠠᠳᠬᠠᠯ ᠢᠶᠠᠷ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠪᠠ᠃ 11 ᠳ᠋ᠦᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠷᠴᠢᠨ ᠲᠣᠭᠤᠷᠢᠭ ᠨᠢᠭᠡᠨᠲᠡ ᠬᠠᠷᠢᠶ᠎ᠠ ᠣᠷᠣᠨ ᠤ 11 ᠵᠡᠭᠡᠯᠢ ᠭᠤᠳᠤᠮᠵᠢ᠂ 10 ᠰᠤᠮᠤ ᠪᠠᠯᠭᠠᠰᠤ᠂ 104 ᠨᠡᠶᠢᠭᠡᠮ ᠲᠣᠭᠤᠷᠢᠭ᠂ 334 ᠭᠠᠴᠠᠭ᠎ᠠ ᠲᠣᠰᠬᠤᠨ ᠳᠤ 4 59 ᠡᠮ ᠡᠮᠨᠡᠯᠭᠡ ᠶᠢᠨ ᠳᠠᠭᠠᠳᠬᠠᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ  ᠴᠢᠭ ᠢ  ᠪᠠᠶᠢᠭᠤᠯᠵᠤ᠂ ᠪᠦᠷᠬᠦᠴᠡ ᠶᠢᠨ ᠨᠣᠷᠮ᠎ᠠ ᠨᠢ 100% ᠳᠤ ᠬᠥᠷᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号