ᠬᠤᠷᠴᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ 2023 ᠣᠨ ᠤ ᠨᠠᠮ ᠤᠨ ︵ᠠᠵᠢᠯᠯᠠᠬᠤ︶  ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/19
      12 ᠰᠠᠷ᠎ᠠ ᠶᠢᠨ 18 ᠤ ᠡᠳᠦᠷ᠂ ᠬᠤᠷᠴᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ 2023 ᠣᠨ ᠤ ᠨᠠᠮ ᠤᠨ ︵ᠠᠵᠢᠯᠯᠠᠬᠤ︶ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠠᠵᠢᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠪᠠ᠃ ᠬᠤᠷᠠᠯ ᠠᠴᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠥᠪᠯᠡᠷᠡᠭᠦᠯᠦᠨ ᠰᠢᠯᠭᠠᠨ ᠪᠠᠶᠢᠴᠠᠭᠠᠬᠤ᠂ ᠠᠷᠠᠳᠴᠢᠯᠠᠯ ᠢᠶᠠᠷ ᠰᠢᠯᠭᠠᠨ ᠦᠨᠡᠯᠡᠬᠦ ᠪᠠᠷ ᠳᠠᠮᠵᠢᠭᠤᠯᠤᠨ᠂ ᠬᠤᠷᠴᠢᠨ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠳᠠᠬᠢᠨ ᠳᠠᠷᠤᠯᠲᠠ ᠥᠭᠴᠦ᠂ ᠳᠠᠬᠢᠨ ᠠᠬᠢᠭᠤᠯᠵᠤ᠂ ᠳᠠᠬᠢᠨ ᠪᠠᠶᠢᠷᠢᠯᠠᠭᠤᠯᠵᠤ᠂ ᠬᠤᠷᠴᠢᠨ ᠲᠣᠭᠤᠷᠢᠭ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠨᠠᠩ ᠬᠦᠴᠦᠲᠡᠢ ᠪᠣᠯᠭᠠᠵᠤ᠂ ᠳᠠᠶᠢᠴᠢᠨ ᠪᠠᠬᠢᠯᠡᠯᠲᠡ ᠶᠢ ᠨᠠᠩ ᠪᠠᠲᠤ ᠪᠠᠬᠢ ᠪᠣᠯᠭᠠᠬᠤ ᠶᠢ ᠲᠦᠯᠬᠢᠨ ᠠᠬᠢᠭᠤᠯᠵᠤ᠂ ᠬᠤᠷᠴᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠦᠨᠡᠨᠬᠦ  ᠬᠠᠩᠭᠠᠨ᠎ᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠰᠢᠶᠣᠣ ᠳ᠋ᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠤᠳᠤᠷᠢᠳᠤᠯᠭ᠎ᠠ ᠶᠢᠨ ᠱᠤ᠋ ᠭᠦᠸᠧ᠂ ᠥᠯᠵᠡᠢ᠂ ᠴᠢ ᡁᠢ ᠵᠢᠶᠦ᠋ᠨ᠂ ᠯᠢᠦ ᠰᠢᠶᠣᠣ ᠬᠤᠢ᠂  ᠪᠠᠢ ᠪᠠᠭᠠᠨ᠎ᠠ᠂ ᠵᠠᠩ ᠴᠢ ᠴᠤᠤ᠂ ᠯᠢ ᠶᠦᠩ ᠭᠠᠩ᠂ ᠵᠤᠤ ᠰᠢᠶᠣᠣ ᠶᠢᠩ᠂ ᠵᠠᠩ ᠵᠢᠶᠦ᠋ᠨ᠂ ᠭᠤᠤ ᠶᠢᠩ ᠨᠠᠷ ᠬᠤᠷᠠᠯ ᠳᠤ ᠣᠷᠣᠯᠴᠠᠪᠠ᠃ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号