12 ᠰᠠᠷ᠎ᠠ ᠶᠢᠨ 19 ᠤ ᠡᠳᠦᠷ᠂ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ | ᠭᠤᠣᠯ ᠳᠤᠭᠤᠶᠢᠯᠠᠩ 2023 ᠣᠨ ᠤ 18 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠰᠢ ᠶᠢᠨ | ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠡ᠊ᠨᠳᠡᠯ ᠠᠴᠠ ᠭᠦᠨᠵᠡᠭᠡᠢ ᠰᠤᠷᠭᠠᠮᠵᠢ ᠠᠪᠬᠤ᠂ ᠡ᠊ᠨᠳᠡᠯ ᠢ ᠦᠷᠭᠦᠯᠵᠢᠯᠡᠨ ᠴᠡᠭᠴᠡᠯᠡᠨ | ᠵᠠᠰᠠᠬᠤ ᠠᠵᠢᠯ ᠢ ᠰᠠᠶᠢᠲᠤᠷ ᠬᠢᠬᠦ ᠶᠢ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠲᠠᠢ ᠨᠢᠭᠲᠠ | ᠤᠶᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠬᠤ ᠶᠢᠨ ᠲᠤᠶᠢᠯ ᠤᠨ ᠴᠢᠬᠤᠯᠠ ᠴᠢᠨᠠᠷ ᠢ | ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠰᠠᠨᠠᠭᠠᠴᠢᠯᠠᠭᠠᠲᠤ ᠴᠢᠨᠠᠷ ᠢ ᠪᠠᠲᠤ ᠡᠵᠡᠮᠳᠡᠬᠦ ᠬᠡᠷᠡᠭᠲᠡᠢ ᠭᠡᠪᠡ᠃ | ᠡᠭᠦᠨ ᠤ ᠬᠠᠮᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠴᠢᠬᠤᠯᠠ ᠡᠭᠦᠷᠭᠡ ᠪᠣᠯᠣᠨ ᠠᠵᠢᠯ ᠤᠨ ᠱᠠᠭᠠᠷᠳᠠᠯᠭ᠎ᠠ ᠶᠢ | ᠭᠦᠨᠵᠡᠭᠡᠢ ᠲᠠᠨᠢᠵᠤ᠂ ᠨᠠᠮ ᠤᠨ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ | ᠣᠨᠣᠪᠴᠢᠲᠠᠢ ᠣᠶᠢᠯᠠᠭᠠᠨ ᠡᠵᠡᠮᠰᠢᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ | ᠬᠠᠷᠢᠭᠤᠴᠠᠯᠭ᠎ᠠ ᠶᠢᠨ ᠤᠬᠠᠮᠰᠠᠷ ᠪᠣᠯᠣᠨ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ ᠭᠡᠪᠡ᠃ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠶᠢᠨ ᠱᠤ᠋ ᠭᠦᠸᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ |