ᠡᠨᠡ ᠵᠢᠯ᠂ ᠬᠤᠷᠴᠢᠨ ᠲᠣᠭᠤᠷᠢᠭ ᠤᠨ ᠨᠢᠭᠡ ᠪᠦᠯᠦᠭ ᠬᠤᠲᠠ ᠶᠢᠨ ᠠᠮᠢ ᠠᠬᠤᠢ ᠶᠢ ᠰᠡᠷᠭᠦᠭᠡᠬᠦ᠂ ᠵᠠᠮ ᠤᠨ | ᠴᠢᠳᠠᠮᠵᠢ ᠶᠢ ᠲᠡᠭᠦᠯᠳᠡᠷᠵᠢᠭᠦᠯᠬᠦ᠂ ᠬᠠᠭᠤᠴᠢᠨ ᠵᠡᠭᠡᠯᠢ ᠲᠣᠭᠤᠷᠢᠭ ᠢ ᠥᠭᠡᠷᠡᠴᠢᠯᠡᠬᠦ᠂ ᠬᠤᠲᠠ ᠶᠢᠨ ᠦᠶᠡᠷ ᠢ | ᠰᠡᠷᠭᠡᠶᠢᠯᠡᠵᠦ ᠤᠰᠤᠲᠤᠯ ᠢ ᠵᠠᠯᠠᠬᠤ ᠴᠢᠳᠠᠮᠵᠢ ᠶᠢ ᠴᠢᠩᠭᠠᠷᠠᠭᠤᠯᠬᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ | ᠲᠣᠭᠤᠷᠢᠨ ᠢ ᠪᠥᠬᠦ ᠬᠦᠴᠦᠨ ᠢᠶᠠᠷ ᠢᠶᠠᠨ ᠪᠦᠲᠦᠭᠡᠪᠡ᠃ ᠡᠭᠦᠨ ᠤ ᠬᠠᠮᠲᠤ᠂ ᠪᠣᠷᠣᠭᠠᠨ ᠤ ᠤᠰᠤᠨ ᠤ ᠬᠤᠭᠤᠯᠠᠢ ᠶᠢ | ᠪᠠᠷᠤᠭ 8.5 ᠺᠢᠯᠣᠮᠧᠲᠷ ᠰᠢᠨ᠎ᠡ ᠪᠠᠷ ᠪᠠᠶᠢᠭᠤᠯᠵᠤ᠂ ᠶᠦᠩ ᠨᠢᠩ ᠵᠠᠮ ᠢ ᠨᠢᠭᠡ ᠴᠣᠭᠴᠠᠵᠢᠭᠤᠯᠤᠭᠰᠠᠨ ᠪᠣᠬᠢᠷ | ᠤᠰᠤ ᠶᠢ ᠳᠡᠭᠡᠭᠰᠢᠯᠡᠭᠦᠯᠬᠦ ᠬᠥᠭᠡᠷᠭᠡ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠪᠡᠶᠡᠯᠡᠭᠦᠯᠬᠦ ᠶᠢᠨ ᠬᠠᠮᠲᠤ 5 ᠲᠣᠰᠬᠤᠨ ᠢ ᠰᠣᠩᠭᠤᠨ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ | ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠳᠡᠭᠡᠭᠰᠢᠯᠡᠭᠦᠯᠬᠦ ᠳᠤ ᠬᠡᠷᠡᠭᠯᠡᠨ᠎ᠡ᠃ | | |