ᠬᠤᠷᠴᠢᠨ ᠲᠣᠭᠤᠷᠢᠭ᠄ ᠡᠶᠡᠯᠳᠡᠭ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2023/12/27
      ᠡᠨᠡ ᠵᠢᠯ᠂ ᠬᠤᠷᠴᠢᠨ ᠲᠣᠭᠤᠷᠢᠭ ᠤᠨ ᠬᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠲᠤ ᠲᠣᠬᠢᠷᠠᠮᠵᠢᠲᠠᠢ ᠡᠶᠡᠯᠳᠡᠭ ᠰᠠᠶᠢᠬᠠᠨ ᠬᠥᠳᠡᠭᠡ ᠲᠣᠰᠬᠤᠨ ᠢ ᠲᠦᠷᠭᠡᠳᠬᠡᠨ ᠪᠠᠶᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠬᠦ᠂ ᠵᠣᠷᠯᠣᠩ ᠤᠨ ᠬᠤᠪᠢᠰᠬᠠᠯ ᠬᠢᠬᠦ᠂ ᠪᠣᠬᠢᠷ ᠤᠰᠤ ᠵᠢᠴᠢ ᠠᠮᠢᠳᠤᠷᠠᠯ ᠤᠨ ᠬᠤᠭ ᠨᠣᠪᠰᠢ ᠶᠢ ᠵᠠᠰᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠯᠠᠨ ᠨᠡᠶᠢᠲᠡ ᠶᠢᠨ ᠲᠥᠬᠦᠭᠡᠷᠦᠮᠵᠢ ᠶᠢ ᠬᠥᠳᠡᠭᠡ ᠲᠣᠰᠬᠤᠨ ᠳᠠᠰᠢ ᠤᠷᠲᠤᠳᠬᠠᠬᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠬᠥᠳᠡᠭᠡ ᠲᠣᠰᠬᠤᠨ ᠳᠠᠰᠢ ᠪᠦᠷᠬᠦᠭᠦᠯᠬᠦ ᠶᠢ ᠠᠬᠢᠭᠤᠯᠤᠨ᠎ᠠ᠃ ᠡᠭᠦᠨ ᠤ ᠵᠡᠷᠭᠡᠪᠡᠷ᠂ 10 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠲᠣᠭᠤᠷᠢᠨ ᠳᠤ᠂ ᠬᠤᠪᠢ ᠬᠤᠷᠠᠮᠳᠤᠭᠤᠯᠬᠤ ᠳᠦᠷᠢᠮ᠂ ᠨᠠᠷᠢᠨ ᠲᠠᠩᠰᠠ ᠶᠢᠨ ᠳᠦᠷᠢᠮ᠂ ᠲᠣᠣᠷᠵᠢᠯ ᠵᠡᠷᠭᠡ ᠰᠢᠨ᠎ᠡ ᠲᠤᠷᠰᠢᠯᠭ᠎ᠠ ᠶᠢ ᠳᠡᠯᠭᠡᠷᠡᠭᠦᠯᠵᠦ᠂ ᠲᠣᠰᠬᠤᠨ ᠤ ᠠᠷᠠᠳ ᠤᠨ ᠲᠣᠰᠬᠤᠨ ᠤ ᠲᠡᠰ ᠤᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠣᠯᠴᠠᠬᠤ ᠢᠳᠡᠪᠬᠢᠵᠢᠯ ᠢ ᠭᠦᠢᠴᠡᠳ ᠲᠠᠶᠢᠴᠢᠯᠠᠵᠦ᠂ ᠬᠥᠳᠡᠭᠡ ᠲᠣᠰᠬᠤᠨ ᠤ ᠶᠠᠰᠤ ᠴᠢᠨᠠᠷ ᠪᠣᠯᠣᠨ ᠳᠦᠷᠰᠦ ᠪᠠᠶᠢᠳᠠᠯ ᠢ ᠵᠡᠷᠭᠡᠪᠡᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号