︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠲᠤᠷᠰᠢᠨ ᠬᠡᠷᠡᠭᠵᠢᠭᠦᠯᠬᠦ︶ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/28
      ᠨᠢᠭᠡ᠂ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ       ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠭᠰᠡᠨ ᠠᠬᠤᠢ ᠪᠠᠶᠢᠳᠠᠯ ᠳᠣᠣᠷ᠎ᠠ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠤᠯᠠᠮ ᠢᠶᠠᠷ ᠨᠡᠮᠡᠭᠳᠡᠵᠦ᠂ ᠭᠤᠣᠯᠳᠠᠭᠤ ᠰᠤᠷᠤᠭᠴᠢᠳ ᠶᠢᠨ ᠰᠤᠷᠭᠠᠭᠤᠯᠢ ᠶᠢᠨ ᠭᠠᠳᠠᠨᠠᠬᠢ ᠴᠠᠭ ᠲᠤ ᠲᠤᠰᠴᠤ ᠬᠦᠷᠭᠡᠬᠦ᠂ ᠬᠤᠭᠤᠯᠠ ᠢᠳᠡᠬᠦ᠂ ᠠᠮᠠᠷᠠᠬᠤ ᠵᠡᠷᠭᠡ ᠦᠢᠯᠡᠴᠢᠯᠡᠭᠡ ᠬᠠᠩᠭᠠᠵᠤ ᠪᠠᠶᠢᠨ᠎ᠠ᠃ ᠭᠡᠪᠡᠴᠦ ᠬᠤᠷᠴᠢᠨ ᠲᠣᠭᠤᠷᠢᠭ ᠤᠨ ᠲᠣᠰ ᠲᠥᠷᠥᠯ ᠤᠨ ᠪᠠᠶᠢᠭᠤᠯᠤᠮᠵᠢ ᠨᠢ ᠡᠵᠡᠩᠨᠡᠯᠲᠡ ᠶᠢᠨ ᠶᠠᠪᠤᠴᠠ ᠳᠠᠭᠠᠨ ᠠᠷᠢᠭᠤᠨ ᠴᠡᠪᠡᠷ᠂ ᠢᠳᠡᠭᠡᠨ ᠤ ᠵᠦᠢᠯ᠂ ᠠᠮᠤᠷ ᠲᠦᠪᠰᠢᠨ ᠵᠡᠷᠭᠡ ᠣᠯᠠᠨ ᠲᠠᠯ᠎ᠠ ᠶᠢᠨ ᠠᠰᠠᠭᠤᠳᠠᠯ ᠣᠷᠣᠰᠢᠵᠤ ᠪᠠᠶᠢᠨ᠎ᠠ᠃ ᠡᠶᠢᠮᠦ ᠠᠴᠠ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠡᠵᠡᠩᠨᠡᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠠᠮᠤᠷ ᠲᠦᠪᠰᠢᠨ ᠢᠶᠠᠷ ᠦᠰᠦᠨ ᠪᠣᠶᠢᠵᠢᠬᠤ ᠶᠢ ᠪᠠᠲᠤᠯᠠᠬᠤ ᠶᠢᠨ ᠲᠤᠰᠠᠳᠠ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠤᠷᠴᠢᠨ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃       ᠬᠤᠶᠠᠷ᠂ ᠲᠤᠭᠤᠷᠪᠢᠨ ᠪᠢᠴᠢᠭᠰᠡᠨ ᠶᠠᠪᠤᠴᠠ      ︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠰᠤᠷᠭᠠᠭᠤᠯᠢ ᠵᠢᠨ‌ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠲᠤᠷᠰᠢᠨ ᠬᠡᠷᠡᠭᠵᠢᠭᠦᠯᠬᠦ︶ ᠨᠢ ᠡᠬᠡ ᠨᠣᠣᠷᠠᠭ ᠢᠶᠠᠨ ᠪᠢᠴᠢᠵᠦ ᠳᠠᠭᠤᠰᠬᠠᠭᠰᠠᠨ ᠰᠠᠭᠤᠷᠢᠨ ᠳᠡᠭᠡᠷ᠎ᠡ᠂ ᠪᠢᠴᠢᠭ ᠤᠨ ᠬᠡᠯᠪᠡᠷᠢ ᠪᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠤᠮᠤ ᠪᠠᠯᠭᠠᠰᠤ ᠶᠢᠨ ᠰᠠᠨᠠᠯ ᠢ ᠬᠤᠷᠢᠶᠠᠵᠤ᠂ ᠣᠷᠣᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠬᠠᠮᠢᠶ᠎ᠠ ᠪᠦᠬᠦᠢ ᠨᠢᠭᠡᠴᠢ ᠶᠢᠨ ᠣᠷᠣᠯᠴᠠᠭᠰᠠᠨ ᠰᠠᠨᠠᠯ ᠬᠤᠷᠢᠶᠠᠬᠤ ᠬᠤᠷᠠᠯ ᠢ ᠬᠤᠷᠠᠯᠳᠤᠭᠤᠯᠵᠤ᠂ ᠬᠤᠷᠠᠯ ᠳᠡᠭᠡᠷᠡᠬᠢ ᠰᠠᠨᠠᠯ ᠵᠢᠴᠢ ᠬᠤᠷᠴᠢᠨ ᠲᠣᠭᠤᠷᠢᠭ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠣᠯᠠᠨ ᠤᠳᠠᠭ᠎ᠠ ᠵᠠᠰᠠᠪᠤᠷᠢ ᠣᠷᠣᠭᠤᠯᠬᠤ ᠪᠠᠷ ᠳᠡᠮᠵᠢᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠠᠨᠠᠯ ᠨᠢᠭᠡᠳᠴᠦ᠂ ︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠲᠤᠷᠰᠢᠨ ᠬᠡᠷᠡᠭᠵᠢᠭᠦᠯᠬᠦ︶ ᠶᠢ ᠵᠠᠰᠠᠵᠤ ᠲᠡᠭᠦᠯᠳᠡᠷᠵᠢᠭᠦᠯᠪᠡ᠃       ᠭᠤᠷᠪᠠ᠂ ᠲᠣᠭᠲᠠᠭᠠᠬᠤ ᠦᠨᠳᠦᠰᠦᠯᠡᠯ       ᠭᠤᠣᠯ ᠦᠨᠳᠦᠰᠦ ᠪᠠᠷᠢᠮᠲᠠ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢ ᠳᠠᠩᠰᠠᠯᠠᠨ ᠬᠠᠮᠢᠶᠠᠷᠬᠤ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠳᠡᠯᠭᠡᠭᠦᠷᠴᠢᠨ ᠪᠠ ᠵᠢᠵᠢᠭ ᠢᠳᠡᠭᠡᠨ ᠤᠮᠳᠠᠭᠠᠨ ᠢ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾᠂ ︽ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾᠂ ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾᠂ ︽ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠳᠣᠲᠣᠭᠠᠳᠤ ᠶᠢᠨ ᠠᠮᠤᠷ ᠢ ᠬᠠᠮᠠᠭᠠᠯᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠡᠭᠦᠨ ᠤ ᠬᠠᠮᠲᠤ ︽ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠪᠠᠷ ᠯᠠᠪᠯᠠᠯᠲᠠ ᠪᠣᠯᠭᠠᠪᠠ᠃  
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号