ᠬᠤᠷᠴᠢᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/29
      12 ᠰᠠᠷ᠎ᠠ ᠶᠢᠨ 28 ᠤ ᠡᠳᠦᠷ᠂ ᠬᠤᠷᠴᠢᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠤᠳᠠᠭᠠᠨ  ᠤ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠥᠯᠵᠡᠢ ᠬᠤᠷᠠᠯ ᠢ ᠡᠷᠬᠢᠯᠡᠪᠡ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠶᠠᠨ ᠴᠢᠦ᠂ ᠶᠠᠩ ᠵᠢᠩ ᠮᠢᠩ᠂ ᠸᠠᠩ ᠱᠣᠸ ᠸᠧᠢ᠂ ᠲᠤ ᠨᠠᠢ ᠯᠢᠶᠠᠩ ᠬᠤᠷᠠᠯ ᠳᠤ ᠣᠷᠣᠯᠴᠠᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠢᠶᠠ ᠯᠢᠩ ᠬᠤᠢ ᠵᠢᠴᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠡᠯ᠎ᠡ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠥᠪᠯᠡᠯ ᠤᠨ ᠡᠷᠬᠢᠯᠡᠭᠴᠢ᠂ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号