ᠬᠤᠷᠴᠢᠨ ᠲᠣᠭᠤᠷᠢᠭ᠄ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2023/12/4
      ᠣᠶᠢᠷ᠎ᠠ ᠶᠢᠨ ᠵᠢᠯ ᠤᠨ ᠲᠤᠷᠰᠢ᠂ ᠬᠤᠷᠴᠢᠨ ᠲᠣᠭᠤᠷᠢᠭ ᠤᠨ ᠬᠢᠨ ︽ᠪᠠᠭ᠎ᠠ ᠬᠡᠪᠴᠢᠶ᠎ᠡ᠂ ᠲᠣᠮᠣ ᠪᠦᠯᠦᠭᠯᠡᠯ︾ ᠤᠨ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ︽ᠬᠤᠷᠴᠢᠨ ᠦᠬᠡᠷ︾  ᠤᠨ ᠰᠢᠯᠢᠳᠡᠭ ᠡᠭᠦᠯᠳᠡᠷ ᠢ ᠬᠦᠴᠦᠯᠡᠨ ᠪᠣᠶᠢᠵᠢᠭᠤᠯᠵᠤ᠂ ︽ᠤᠯᠤᠰ ᠤᠨ ᠳᠣᠲᠣᠭᠠᠳᠤ ᠳᠤ ᠲᠦᠷᠦᠭᠦᠯᠡᠵᠦ᠂ ᠳᠡᠯᠡᠬᠡᠢ ᠶᠢᠨ ᠲᠡᠷᠢᠭᠦᠨ︾ ᠤ ᠠᠯᠠᠰᠢᠨ ᠦᠬᠡᠷ ᠤᠨ ᠡᠭᠦᠯᠳᠡᠷ ᠤᠨ ᠢᠷᠡᠯᠲᠡ ᠶᠢᠨ ᠰᠠᠭᠤᠷᠢᠨ ᠢ ᠠᠯᠬᠤᠮ ᠠᠯᠬᠤᠮ ᠢᠶᠠᠷ ᠪᠠᠶᠢᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ᠂ ᠨᠠᠷᠢᠯᠢᠭ ᠪᠣᠯᠪᠠᠰᠤᠷᠠᠭᠤᠯᠤᠯᠲᠠ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠪᠠ᠃ ᠣᠲᠣ ᠪᠣᠯᠲᠠᠯ᠎ᠠ ᠂ ᠬᠤᠷᠴᠢᠨ ᠲᠣᠭᠤᠷᠢᠭ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠤᠭ᠎ᠠ ᠨᠢ ᠮᠢᠩᠭ᠎ᠠ ᠭᠠᠷᠤᠢ ᠬᠡᠪᠴᠢᠢᠡᠨ ᠤ ᠭᠠᠴᠠᠭ᠎ᠠ ᠲᠣᠰᠬᠤᠨ‌ᠨᠢ 61᠂ ᠵᠠᠭᠤ ᠭᠠᠷᠤᠢ ᠬᠡᠪᠴᠢᠢᠡᠨ  ᠤ ᠲᠡᠵᠢᠭᠡᠨ ᠦᠷᠡᠵᠢᠭᠦᠯᠬᠦ ᠲᠠᠯᠠᠪᠠᠶ ᠨᠢ 145᠂ ᠠᠯᠠᠰᠢᠨ ᠦᠬᠡᠷ ᠤᠨ ᠲᠤᠭ᠎ᠠ 33.78 ᠲᠦᠮᠡ᠂ ᠦᠷᠡᠵᠢᠵᠦ ᠳᠡᠶᠢᠯᠬᠦ ᠦᠨᠢᠶ᠎ᠡ 20.39 ᠲᠦᠮᠡ᠂ ᠪᠣᠷᠳᠣᠵᠤ ᠲᠠᠷᠭᠤᠯᠠᠭᠤᠯᠬᠤ ᠦᠬᠡᠷ 9 ᠲᠦᠮᠡ ᠪᠠᠶᠢᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号