ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠤᠷᠴᠢᠨ | ᠲᠣᠭᠤᠷᠢᠭ ᠤᠨ ᠬᠢᠨ ᠬᠥᠬᠡ ᠲᠡᠭᠷᠢ᠂ ᠬᠥᠬᠡᠮᠳᠦᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠨ ᠢ | ᠦᠷᠭᠦᠯᠵᠢᠯᠡᠨ ᠭᠦᠨᠵᠡᠭᠡᠢ ᠬᠢᠵᠦ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ | ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ | ᠠᠬᠢᠭᠤᠯᠵᠤ᠂ ᠬᠦᠴᠦ ᠪᠠᠨ ᠲᠥᠪᠯᠡᠷᠡᠭᠦᠯᠦᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠪᠣᠬᠢᠷᠲᠤᠯ ᠢ ᠪᠠᠭᠠᠰᠬᠠᠬᠤ᠂ | ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠭᠦᠯᠬᠦ ᠳᠤᠮᠳᠠ ᠦᠵᠡᠰᠬᠦᠯᠡᠩᠲᠦ ᠰᠠᠶᠢᠬᠠᠨ ᠬᠤᠷᠴᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠣᠳᠠᠲᠠᠢ ᠠᠳᠬᠤᠵᠤ᠂ ᠡᠯᠡᠰᠦᠷᠬᠡᠭ ᠭᠠᠵᠠᠷ ᠢ ᠵᠠᠰᠠᠬᠤ᠂ ᠠᠮᠢ | ᠠᠬᠤᠢ ᠶᠢ ᠬᠤᠪᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠯᠲᠡ ᠶᠢ ᠣᠷᠭᠠᠨᠢᠭ ᠢᠶᠠᠷ | ᠤᠶᠠᠯᠳᠤᠭᠤᠯᠬᠤ ᠪᠠᠷ ᠳᠡᠮᠵᠢᠨ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠣᠷᠣᠰᠢᠬᠤ᠂ ᠠᠮᠢ ᠠᠬᠤᠢ | ᠬᠢᠭᠡᠳ ᠠᠵᠤ ᠠᠬᠤᠢ ᠶᠢ ᠵᠣᠬᠢᠴᠠᠩᠭᠤᠢ ᠪᠠᠷ ᠬᠥᠭᠵᠢᠭᠦᠯᠬᠦ ᠠᠤᠭ᠎ᠠ ᠬᠠᠷᠠᠯᠲᠠ ᠶᠢ ᠠᠯᠬᠤᠮ ᠠᠯᠬᠤᠮ ᠢᠶᠠᠷ | ᠪᠡᠶᠡᠯᠡᠭᠦᠯᠵᠦ᠂ ᠠᠮᠢ ᠠᠬᠤᠢ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ |