ᠬᠤᠷᠴᠢᠨ ᠲᠣᠭᠤᠷᠢᠭ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠢᠴᠢᠶᠡᠯ ᠪᠡᠯᠡᠳᠬᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/5
       12 ᠰᠠᠷ᠎ᠠ ᠶᠢᠨ 4 ᠤ ᠡᠳᠦᠷ᠂ ᠬᠤᠷᠴᠢᠨ ᠲᠣᠭᠤᠷᠢᠭ ᠤᠨ ᠬᠢᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠢᠴᠢᠶᠡᠯ ᠪᠡᠯᠡᠳᠬᠡᠬᠦ ᠬᠤᠷᠠᠯ ᠬᠢᠵᠦ᠂ ᠲᠥᠪᠯᠡᠷᠡᠭᠦᠯᠦᠨ ᠬᠢᠴᠢᠶᠡᠯ ᠪᠡᠯᠡᠳᠬᠡᠬᠦ ᠬᠤᠷᠠᠯ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠪᠠᠷ ᠳᠡᠮᠵᠢᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠲᠣᠭᠤᠷᠢᠭ ᠤᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠠᠴᠢ ᠬᠠᠷᠢᠭᠤᠯᠠᠬᠤ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠪᠠᠷ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾  ᠢ ᠰᠠᠶᠢᠲᠤᠷ ᠠᠳᠬᠤᠵᠤ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠪᠦᠬᠦ ᠲᠣᠭᠤᠷᠢᠭ ᠲᠤ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨᠨ᠎ᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠤᠤ ᠰᠢᠶᠣᠣ ᠶᠢᠩ ᠣᠷᠣᠯᠴᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号