ᠬᠤᠷᠴᠢᠨ ᠲᠣᠭᠤᠷᠢᠭ᠄ ᠭᠤᠣᠯ ᠤᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ ᠤᠰᠤᠨ ᠤ ᠠᠮᠢ ᠠᠬᠤᠢ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2023/12/6
     ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠭᠤᠣᠯ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠥᠮᠥᠨ ᠤ ᠬᠦᠴᠦ ᠪᠣᠳᠠᠰ ᠤᠨ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠤᠰᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠬᠤᠷᠴᠢᠨ ᠲᠣᠭᠤᠷᠢᠭ ᠤᠨ ᠬᠢᠨ ︽ᠴᠠᠭᠳᠠᠭᠠᠨ ᠤ ᠳᠠᠷᠤᠭ᠎ᠠ + ᠭᠤᠣᠯ ᠤᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠡᠷᠡᠰ ᠲᠤᠤᠱᠯᠠᠭᠤᠯᠵᠤ᠂ ᠲᠤᠰᠬᠠᠢ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠦᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠡᠷᠡᠭᠦᠦ ᠶᠢᠨ ᠬᠡᠷᠡᠭ ᠤᠨ ᠰᠡᠵᠢᠭᠲᠡᠢ 2 ᠬᠡᠷᠡᠭ ᠤᠨ ᠰᠦᠪᠡᠭᠴᠢ ᠶᠢ ᠰᠢᠯᠵᠢᠭᠦᠯᠦᠨ ᠬᠦᠷᠭᠡᠪᠡ︔ ᠲᠣᠭᠤᠷᠢᠭ ᠪᠠᠯᠭᠠᠰᠤ ᠲᠣᠰᠬᠤᠨ ᠤ ᠭᠤᠷᠪᠠᠨ ᠳᠡᠰ ᠤᠨ ᠭᠤᠣᠯ ᠤᠨ ᠳᠠᠷᠤᠭ᠎ᠠ 634 ᠤᠳᠠᠭ᠎ᠠ ᠭᠤᠣᠯ ᠴᠠᠭᠳᠠᠵᠤ᠂ 1100 ᠬᠥᠮᠥᠨ ᠤᠳᠠᠭ᠎ᠠ ᠶᠢᠨ ᠬᠥᠮᠥᠨ ᠤ ᠬᠦᠴᠦᠨ ᠢ ᠬᠥᠳᠡᠯᠭᠡᠵᠦ᠂ ᠬᠠᠤᠯᠢ ᠶᠢ ᠵᠥᠷᠢᠴᠡᠨ ᠳᠠᠷᠢᠭᠰᠠᠨ 3000 ᠭᠠᠷᠤᠢ ᠮᠦ ᠲᠠᠷᠢᠮᠠᠯ ᠢ ᠴᠡᠪᠡᠷᠯᠡᠵᠦ᠂ 300 ᠭᠠᠷᠤᠢ ᠲᠣᠨ ᠭᠤᠣᠯ ᠮᠥᠷᠡᠨ ᠤ ᠬᠤᠭ ᠨᠣᠪᠰᠢ ᠶᠢ ᠴᠡᠪᠡᠷᠯᠡᠪᠡ᠃ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号