︽ᠬᠤᠷᠴᠢᠨ ᠲᠣᠭᠤᠷᠢᠭ ᠤᠨ ᠠᠯᠠᠰᠢᠨ ᠦᠬᠡᠷ ᠤᠨ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ︾ ᠶᠢ ᠳᠠᠷᠤᠮᠠᠯᠯᠠᠨ ᠶᠠᠪᠤᠭᠤᠯᠬᠤ ᠲᠤᠬᠠᠢ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/12/6
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠰᠢᠨᠵᠢᠯᠡᠬᠦ ᠤᠬᠠᠭᠠᠨ ᠤ ᠰᠠᠯᠠᠭ᠎ᠠ ᠳᠤ ᠰᠠᠭᠤᠭ᠎ᠠ ᠳᠤᠮᠳᠠ ᠲᠣᠭᠤᠷᠢᠭ ᠤᠨ ᠰᠢᠭᠤᠳ ᠬᠠᠷᠢᠶ᠎ᠠ ᠡᠯ᠎ᠡ ᠨᠢᠭᠡᠴᠢ ᠳᠤ᠄       ᠬᠤᠷᠴᠢᠨ ᠲᠣᠭᠤᠷᠢᠭ ᠤᠨ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂  ᠲᠣᠭᠤᠷᠢᠭ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠡᠳᠦᠭᠡ ︽ᠬᠤᠷᠴᠢᠨ ᠲᠣᠭᠤᠷᠢᠭ ᠤᠨ ᠠᠯᠠᠰᠢᠨ ᠦᠬᠡᠷ ᠤᠨ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠶᠢ ᠲᠠᠨᠠᠷ ᠲᠤ ᠳᠠᠷᠤᠮᠠᠯᠯᠠᠨ ᠲᠠᠷᠬᠠᠭᠠᠶ᠎ᠠ᠃                         2023 ᠣᠨ ᠤ 10 ᠰᠠᠷ᠎ᠠ ᠶᠢᠨ 19 ᠤ ᠡᠳᠦᠷ       ᠬᠤᠷᠴᠢᠨ ᠲᠣᠭᠤᠷᠢᠭ ᠤᠨ ᠠᠯᠠᠰᠢᠨ ᠦᠬᠡᠷ ᠤᠨ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ      ᠬᠤᠷᠴᠢᠨ ᠲᠣᠭᠤᠷᠢᠭ ᠤᠨ ᠠᠯᠠᠰᠢᠨ ᠦᠬᠡᠷ ᠤᠨ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠮᠠᠨ ᠤ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠤᠨ᠂ ᠲᠣᠰ ᠲᠡᠳᠬᠦᠬᠦ ᠲᠥᠷᠥ ᠶᠢᠨ ᠪᠣᠳᠣᠯᠭ᠎ᠠ ᠶᠢ  ᠣᠨᠴᠠᠭᠠᠶᠢᠯᠠᠨ ᠲᠣᠭᠲᠠᠭᠠᠪᠠ᠃       ᠨᠢᠭᠡ᠂ ᠵᠢᠯᠤᠭᠤᠳᠬᠤ ᠦᠵᠡᠯ ᠰᠠᠨᠠᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾ ᠶᠢ ᠬᠡᠷᠡᠭᠵᠢᠭᠦᠯᠦᠨ ᠦᠷ᠎ᠡ ᠪᠦᠲᠦᠮᠵᠢ ᠭᠠᠷᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠠᠯᠠᠰᠢᠨ ᠦᠬᠡᠷ ᠤᠨ ᠨᠠᠷᠢᠯᠢᠭ ᠡᠳ᠋ᠰᠢᠭᠦᠯᠦᠯᠲᠡ ᠶᠢᠨ ᠳᠤᠲᠠᠭᠤᠳᠠᠯ ᠢ ᠲᠦᠷᠭᠡᠨ  ᠨᠥᠬᠦᠪᠦᠷᠢᠯᠡᠵᠦ᠂ ᠪᠥᠬᠦ ᠤᠯᠤᠰ ᠤᠨ ᠬᠠᠮᠤᠭ ᠤᠨ ᠲᠣᠮᠣ ᠠᠯᠠᠰᠢᠨ ᠦᠬᠡᠷ ᠤᠨ ᠪᠦᠲᠦᠭᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠲᠥᠪ ᠢ ᠬᠦᠴᠦᠯᠡᠨ ᠪᠠᠶᠢᠭᠤᠯᠤᠨ᠎ᠠ᠃       ᠬᠤᠶᠠᠷ᠂ ᠭᠤᠣᠯ ᠵᠣᠷᠢᠯᠭ᠎ᠠ       ᠣᠲᠣ ᠶᠢᠨ ᠪᠠᠶᠢᠭ᠎ᠠ ᠠᠯᠠᠰᠢᠨ ᠦᠬᠡᠷ ᠤᠨ ᠠᠵᠤ ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠠᠯᠠᠰᠢᠨ ᠦᠬᠡᠷ ᠢ ᠨᠠᠷᠢᠯᠢᠭ ᠡᠳ᠋ᠰᠢᠭᠦᠯᠬᠦ ᠠᠵᠢᠯ ᠢ ᠬᠦᠴᠦᠯᠡᠨ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠨ᠂ ᠡᠯ᠎ᠡ ᠲᠥᠷᠥᠯ ᠤᠨ ᠠᠯᠠᠰᠢᠨ ᠦᠬᠡᠷ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠪᠣᠶᠢᠵᠢᠭᠤᠯᠤᠨ ᠣᠷᠣᠭᠤᠯᠤᠨ ᠠᠪᠴᠢᠷᠠᠵᠤ᠂ ᠪᠦᠲᠦᠭᠡᠭᠳᠡᠬᠦᠨ ᠤ ᠥᠷᠢᠰᠦᠯᠳᠦᠬᠦ ᠬᠦᠴᠦᠨ ᠪᠠ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠬᠤᠷᠴᠢᠨ ᠲᠣᠭᠤᠷᠢᠭ ᠤᠨ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃       ᠭᠤᠷᠪᠠ᠂ ᠵᠥᠪᠰᠢᠶᠡᠷᠡᠨ ᠣᠷᠣᠭᠤᠯᠬᠤ ᠨᠥᠬᠦᠴᠡᠯ       ᠣᠷᠣᠵᠤ ᠰᠠᠭᠤᠭᠰᠠᠨ ᠠᠵᠤ ᠠᠬᠤᠶᠢᠯᠠᠯ ᠨᠢ ᠠᠯᠠᠰᠢᠨ ᠦᠬᠡᠷ ᠤᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠪᠠᠶᠢᠬᠤ ᠬᠡᠷᠡᠭᠲᠡᠢ ᠮᠥᠷᠲᠡᠭᠡᠨ ᠵᠢᠯ ᠪᠦᠷᠢ ᠶᠢᠨ ᠡᠳ᠋ᠰᠢᠭᠦᠯᠦᠭᠰᠡᠨ ᠦᠬᠡᠷ ᠤᠨ ᠮᠢᠬ᠎ᠠ ᠨᠢ 200 ᠲᠣᠨ ᠠᠴᠠ ᠳᠡᠭᠡᠭᠰᠢ᠂ ᠵᠢᠯ ᠤᠨ ᠦᠢᠯᠡᠳᠬᠦᠨ ᠤ ᠥᠷᠲᠡᠭ ᠨᠢ 2000 ᠲᠦᠮᠡᠨ ᠲᠥᠭᠦᠷᠢᠭ ᠠᠴᠠ ᠳᠡᠭᠡᠭᠰᠢ ᠪᠠᠶᠢᠬᠤ ᠬᠡᠷᠡᠭᠲᠡᠢ᠃       ᠳᠥᠷᠪᠡ᠂ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ       ︵ᠨᠢᠭᠡ︶ ᠲᠥᠷᠥ ᠶᠢᠨ ᠪᠣᠳᠣᠯᠭ᠎ᠠ ᠶᠢᠨ ᠬᠦᠷᠢᠶ᠎ᠡ ᠬᠡᠪᠴᠢᠶ᠎ᠡ       ᠣᠳᠣᠬᠠᠨ ᠳᠤ 12 ᠰᠠᠭᠤᠷᠢ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠲᠠᠢ᠂ 24000 ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠪᠠ 16000 ᠲᠡᠭᠰᠢ ᠳᠥᠷᠪᠡᠯᠵᠢᠨ ᠮᠧᠲᠷ ᠤᠨ ᠣᠶᠤᠨᠴᠢᠯᠠᠭᠰᠠᠨ ᠬᠦᠢᠲᠡᠨ ᠬᠥᠮᠥᠷᠭᠡ ᠶᠢ ᠰᠢᠨ᠎ᠡ ᠪᠠᠷ ᠪᠠᠶᠢᠭᠤᠯᠵᠤ᠂ ᠰᠢᠨ᠎ᠡ ᠪᠠᠷ ᠣᠷᠣᠵᠤ ᠰᠠᠭᠤᠭᠰᠠᠨ ᠠᠯᠠᠰᠢᠨ ᠦᠬᠡᠷ ᠡᠳ᠋ᠰᠢᠭᠦᠯᠬᠦ ᠠᠵᠤ ᠠᠬᠤᠶᠢᠯᠠᠯ ᠪᠠ ᠪᠠᠷᠢᠮᠵᠢᠶ᠎ᠠ ᠳᠤ ᠬᠦᠷᠦᠭᠰᠡᠨ ᠤᠤᠯ ᠤᠨ ᠠᠵᠤ ᠠᠬᠤᠶᠢᠯᠠᠯ ᠤᠳ ᠲᠣᠰ ᠲᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠣᠨ᠎ᠠ᠃       ︵ᠬᠤᠶᠠᠷ︶ ᠪᠣᠳᠠᠲᠠᠢ ᠠᠭᠤᠯᠭ᠎ᠠ       1. ᠠᠵᠤ ᠠᠬᠤᠶᠢᠯᠠᠯ ᠤᠨ ᠪᠣᠳᠠᠲᠠᠢ ᠲᠤᠰᠢᠶᠠᠭᠰᠠᠨ ᠥᠷᠲᠡᠭ ᠨᠡᠮᠡᠭᠳᠡᠯ ᠤᠨ ᠭᠠᠶᠢᠯᠢ ᠶᠢᠨ ᠣᠷᠣᠨ ᠨᠤᠲᠤᠭ ᠤᠨ ᠡᠳ᠋ ᠤᠨ ᠵᠠᠰᠠᠭ ᠤᠨ ᠰᠢᠨ᠎ᠡ ᠪᠠᠷ ᠨᠡᠮᠡᠭᠳᠡᠭᠰᠡᠨ ᠬᠡᠰᠡᠭ ᠢ ᠵᠢᠯ ᠢᠶᠠᠷ ᠪᠤᠳᠤᠵᠤ ᠱᠠᠩᠨᠠᠨ ᠬᠥᠬᠢᠭᠦᠯᠵᠦ᠂ 1 ᠳ᠋ᠦᠭᠡᠷ ᠵᠢᠯ ᠠᠴᠠ 3 ᠳ᠋ᠤᠭᠠᠷ ᠵᠢᠯ ᠬᠦᠷᠲᠡᠯᠡᠬᠢ ᠰᠢᠨ᠎ᠡ ᠪᠠᠷ ᠨᠡᠮᠡᠭᠳᠡᠭᠰᠡᠨ ᠬᠡᠰᠡᠭ ᠢᠶᠠᠷ ᠰᠠᠭᠤᠷᠢ ᠲᠤᠭ᠎ᠠ ᠪᠣᠯᠭᠠᠵᠤ᠂ ᠱᠠᠩᠨᠠᠨ ᠬᠥᠬᠢᠭᠦᠯᠦᠨ᠎ᠡ︔ 4 ᠳ᠋ᠦᠭᠡᠷ ᠵᠢᠯ ᠠᠴᠠ 6 ᠳ᠋ᠤᠭᠠᠷ ᠵᠢᠯ ᠪᠣᠯᠲᠠᠯ᠎ᠠ ᠰᠢᠨ᠎ᠡ ᠪᠠᠷ ᠨᠡᠮᠡᠭᠳᠡᠭᠰᠡᠨ ᠬᠡᠰᠡᠭ ᠢᠶᠠᠷ ᠰᠠᠭᠤᠷᠢ ᠲᠤᠭ᠎ᠠ ᠪᠣᠯᠭᠠᠵᠤ᠂ 50% ᠪᠠᠷ ᠱᠠᠩᠨᠠᠨ ᠬᠥᠬᠢᠭᠦᠯᠵᠦ᠂ ᠱᠠᠩᠨᠠᠯ ᠤᠨ ᠪᠡᠯᠡ ᠮᠥᠩᠭᠦ ᠶᠢ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠬᠦ ᠳᠤ ᠬᠡᠷᠡᠭᠯᠡᠨ᠎ᠡ︔       2. ᠠᠵᠤ ᠠᠬᠤᠶᠢᠯᠠᠯ ᠤᠨ ᠪᠣᠳᠠᠲᠠᠢ ᠲᠤᠰᠢᠶᠠᠭᠰᠠᠨ ᠠᠰᠢᠭ ᠣᠷᠣᠯᠭ᠎ᠠ ᠶᠢᠨ ᠭᠠᠶᠢᠯᠢ ᠶᠢᠨ ᠣᠷᠣᠨ ᠨᠤᠲᠤᠭ ᠤᠨ ᠡᠳ᠋ ᠤᠨ ᠵᠠᠰᠠᠭ ᠤᠨ ᠰᠢᠨ᠎ᠡ ᠪᠠᠷ ᠨᠡᠮᠡᠭᠳᠡᠭᠰᠡᠨ ᠬᠡᠰᠡᠭ ᠢ ᠵᠢᠯ ᠢᠶᠠᠷ ᠪᠤᠳᠤᠵᠤ ᠱᠠᠩᠨᠠᠨ ᠬᠥᠬᠢᠭᠦᠯᠵᠦ᠂ 1 ᠳ᠋ᠦᠭᠡᠷ ᠵᠢᠯ ᠠᠴᠠ 3 ᠳ᠋ᠤᠭᠠᠷ ᠵᠢᠯ ᠬᠦᠷᠲᠡᠯᠡᠬᠢ ᠰᠢᠨ᠎ᠡ ᠪᠠᠷ ᠨᠡᠮᠡᠭᠳᠡᠭᠰᠡᠨ ᠬᠡᠰᠡᠭ ᠢᠶᠠᠷ ᠰᠠᠭᠤᠷᠢ ᠲᠤᠭ᠎ᠠ ᠪᠣᠯᠭᠠᠵᠤ᠂ ᠱᠠᠩᠨᠠᠨ ᠬᠥᠬᠢᠭᠦᠯᠦᠨ᠎ᠡ︔ 4 ᠳ᠋ᠦᠭᠡᠷ ᠵᠢᠯ ᠠᠴᠠ 6 ᠳ᠋ᠤᠭᠠᠷ ᠵᠢᠯ ᠪᠣᠯᠲᠠᠯ᠎ᠠ ᠰᠢᠨ᠎ᠡ ᠪᠠᠷ ᠨᠡᠮᠡᠭᠳᠡᠭᠰᠡᠨ ᠬᠡᠰᠡᠭ ᠢᠶᠠᠷ ᠰᠠᠭᠤᠷᠢ ᠲᠤᠭ᠎ᠠ ᠪᠣᠯᠭᠠᠵᠤ᠂ 50% ᠪᠠᠷ ᠱᠠᠩᠨᠠᠨ ᠬᠥᠬᠢᠭᠦᠯᠵᠦ᠂ ᠱᠠᠩᠨᠠᠯ ᠤᠨ ᠪᠡᠯᠡ ᠮᠥᠩᠭᠦ ᠶᠢ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠬᠦ ᠳᠤ ᠬᠡᠷᠡᠭᠯᠡᠨ᠎ᠡ︔       3. ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠢ ᠠᠩᠬ᠎ᠠ ᠤᠳᠠᠭ᠎ᠠ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠦᠨᠡᠯᠡᠨ ᠲᠣᠭᠲᠠᠭᠠᠵᠤ᠂ ᠨᠢᠭᠡ ᠤᠳᠠᠭ᠎ᠠ ᠳᠤ 20 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠢ ᠱᠠᠩᠨᠠᠨ᠎ᠠ︔       4. ᠡᠭᠦᠳᠦᠯᠲᠡ ᠶᠢᠨ ᠲᠤᠰᠬᠠᠢ ᠠᠰᠢᠭ ᠣᠯᠣᠭᠰᠠᠨ ᠠᠵᠤ ᠠᠬᠤᠶᠢᠯᠠᠯ ᠢ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠢᠶᠠᠷ ᠱᠠᠩᠨᠠᠨ᠎ᠠ;       5. ᠨᠠᠷᠠᠲᠤ ᠲᠠᠸᠠᠷ ᠤᠨ ᠲᠡᠮᠳᠡᠭ ᠢ ᠣᠯᠣᠭᠰᠠᠨ ᠠᠵᠤ ᠠᠬᠤᠶᠢᠯᠠᠯ ᠢ ᠨᠢᠭᠡ ᠤᠳᠠᠭ᠎ᠠ ᠳᠤ 20 ᠲᠦᠮᠡᠨ ᠲᠥᠭᠦᠷᠢᠭ ᠢᠶᠠᠷ ᠱᠠᠩᠨᠠᠨ᠎ᠠ︔  ᠨᠡᠷ᠎ᠡ ᠭᠠᠷᠤᠭᠰᠠᠨ ᠲᠠᠸᠠᠷ ᠤᠨ ᠲᠡᠮᠳᠡᠭ ᠣᠯᠣᠭᠰᠠᠨ ᠠᠵᠤ ᠠᠬᠤᠶᠢᠯᠠᠯ ᠢ ᠨᠢᠭᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ︔ ᠨᠡᠷ᠎ᠡ ᠠᠯᠳᠠᠷᠰᠢᠭᠰᠠᠨ ᠲᠠᠸᠠᠷ ᠤᠨ ᠲᠡᠮᠳᠡᠭ ᠣᠯᠣᠭᠰᠠᠨ ᠠᠵᠤ ᠠᠬᠤᠶᠢᠯᠠᠯ ᠨᠢ ᠨᠢᠭᠡ ᠤᠳᠠᠭ᠎ᠠ ᠶᠢᠨ ᠴᠢᠨᠠᠷᠲᠠᠢ ᠪᠠᠷ 100 ᠲᠦᠮᠡᠨ ᠲᠥᠭᠦᠷᠢᠭ ᠢᠶᠠᠷ ᠱᠠᠩᠨᠠᠨ᠎ᠠ᠃       ᠳᠡᠭᠡᠷᠡᠬᠢ 4 ᠳ᠋ᠦᠭᠡᠷ ᠵᠦᠢᠯ᠂ 5 ᠳ᠋ᠤᠭᠠᠷ ᠵᠦᠢᠯ ᠤᠨ ᠲᠡᠳᠬᠦᠬᠦ ᠲᠥᠷᠥ ᠶᠢᠨ ᠪᠣᠳᠣᠯᠭ᠎ᠠ ᠳᠤ᠂ ᠠᠯᠠᠰᠢᠨ ᠦᠬᠡᠷ ᠤᠨ ᠢᠳᠡᠭᠡᠨ ᠡᠳ᠋ᠰᠢᠭᠦᠯᠬᠦ ᠬᠦᠷᠢᠶᠡᠯᠡᠩ ᠲᠣᠭᠤᠷᠢᠭ ᠠᠴᠠ ᠭᠠᠳᠠᠨᠠᠬᠢ ᠠᠯᠠᠰᠢᠨ ᠦᠬᠡᠷ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠤᠳ ᠱᠠᠭᠠᠷᠳᠠᠯᠭ᠎ᠠ ᠳᠤ ᠭᠦᠷᠦᠭᠰᠡᠨ ᠤ ᠳᠠᠷᠠᠭ᠎ᠠ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠃       ᠲᠠᠪᠤ᠂ ᠪᠤᠰᠤᠳ ᠵᠦᠢᠯ ᠤᠳ       ︵ᠨᠢᠭᠡ︶ ᠲᠣᠰ ᠲᠡᠳᠬᠦᠬᠦ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃       ︵ᠬᠤᠶᠠᠷ︶ ᠲᠣᠰ ᠲᠡᠳᠬᠦᠬᠦ ᠲᠥᠷᠥ ᠶᠢᠨ ᠪᠣᠳᠣᠯᠭ᠎ᠠ ᠶᠢ ᠬᠤᠷᠴᠢᠨ ᠲᠣᠭᠤᠷᠢᠭ ᠤᠨ ᠠᠯᠠᠰᠢᠨ ᠦᠬᠡᠷ ᠤᠨ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃       ︵ᠭᠤᠷᠪᠠ︶ ᠲᠣᠰ ᠲᠡᠳᠬᠦᠬᠦ ᠲᠥᠷᠥ ᠶᠢᠨ ᠪᠣᠳᠣᠯᠭ᠎ᠠ ᠶᠢᠨ ᠬᠦᠴᠦᠨ ᠲᠠᠢ ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ᠃ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号