ᠬᠤᠷᠴᠢᠨ ᠲᠣᠭᠤᠷᠢᠭ᠄ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠤᠵᠠᠭᠠᠶᠢᠷᠠᠭᠤᠯᠵᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/12/7
      ᠡᠨᠡ ᠵᠢᠯ᠂ ᠬᠤᠷᠴᠢᠨ ᠲᠣᠭᠤᠷᠢᠭ ᠤᠨ ᠬᠢᠨ ︽ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ︾ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠤᠵᠠᠭᠠᠶᠢᠷᠠᠭᠤᠯᠪᠠ᠃ ᠣᠳᠣ ᠪᠣᠯᠲᠠᠯ᠎ᠠ᠂ ᠬᠤᠷᠴᠢᠨ ᠲᠣᠭᠤᠷᠢᠭ ᠲᠤ 19 ᠪᠣᠬᠢᠷᠲᠤᠯ ᠦᠭᠡᠢ ᠢᠳᠡᠭᠡᠨ ᠤ ᠠᠵᠤ ᠠᠬᠤᠶᠢᠯᠠᠯ  ᠲᠠᠢ᠂ ︽ᠬᠤᠷᠴᠢᠨ ᠤ ᠴᠢᠴᠠᠷᠭᠠᠨ᠎ᠠ︾ ᠵᠡᠷᠭᠡ ᠬᠤᠷᠴᠢᠨ ᠤ ᠣᠨᠴᠠᠯᠢᠭ ᠲᠠᠢ 48 ᠲᠥᠯᠥᠭᠡᠯᠡᠬᠦ ᠴᠢᠨᠠᠷᠲᠠᠢ ᠦᠢᠯᠡᠳᠬᠦᠨ ᠭᠡᠷᠡᠴᠢᠯᠡᠯ ᠣᠯᠵᠤ᠂ ︽ᠬᠤᠷᠴᠢᠨ ᠦᠬᠡᠷ︾ ᠲᠡᠮᠳᠡᠭ ᠢ ᠬᠡᠷᠡᠭᠯᠡᠬᠦ ᠡᠷᠬᠡ ᠣᠯᠭᠤᠭᠰᠠᠨ ᠭᠤᠣᠯ ᠴᠣᠭᠴᠠ 7 ᠪᠠᠶᠢᠵᠤ᠂ ︽ᠰᠠᠢ ᠸᠠᠢ ᠬᠤᠩ ᠤᠯᠠᠭᠠᠨ ᠠᠯᠮᠤᠷᠠᠳ︾ ︽ᠬᠤᠷᠴᠢᠨ ᠬᠤᠨᠴᠢᠷ︾ ︽ᠬᠤᠷᠴᠢᠨ ᠲᠣᠭᠤᠷᠢᠭ ᠤᠨ ᠡᠯᠡᠰᠦᠷᠬᠡᠭ ᠭᠠᠵᠠᠷ ᠤᠨ ᠦᠵᠦᠮ︾ ︽ᠬᠤᠷᠴᠢᠨ ᠡᠷᠳᠡᠨᠢ ᠰᠢᠰᠢ ᠶᠢᠨ ᠲᠣᠰᠣ︾ ︽ᠬᠤᠷᠴᠢᠨ ᠡᠯᠡᠰᠦᠨ ᠰᠣᠩᠭᠢᠨ᠎ᠠ︾ ︽ᠬᠤᠷᠴᠢᠨ ᠪᠣᠷᠴᠠ︾ ︽ᠬᠤᠷᠴᠢᠨ ᠰᠢᠰᠢ ᠶᠢᠨ ᠠᠷᠢᠬᠢ︾ ᠵᠡᠷᠭᠡ 8 ᠪᠦᠲᠦᠭᠡᠭᠳᠡᠬᠦᠨ ᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠣᠷᠣᠭᠤᠯᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号