ᠠᠯᠪᠠᠨ ᠮᠡᠳᠡᠭᠡ᠄ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠭ᠎ᠠ ᠶᠢᠨ ᠲᠦᠭᠰᠢᠭᠦᠷᠢ ᠶᠢᠨ ᠨᠥᠬᠦᠪᠦᠷᠢ ᠶᠢᠨ ᠲᠤᠰᠬᠠᠢ ᠪᠡᠯᠡ ᠮᠥᠩᠭᠦ ᠪᠠᠶᠢᠭᠤᠯᠬᠤ ᠲᠤᠬᠠᠢ ᠰᠠᠨᠠᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ ᠲᠤᠬᠠᠢ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ‌‍ᠤ ᠮᠡᠳᠡᠭᠳᠡᠯ
ᠨᠡᠶᠢᠲᠡᠯᠡᠭᠰᠡᠨ ᠴᠠᠭ᠄
2023/12/7
      ᠲᠦᠩᠯᠢᠶᠣᠣ ᠬᠤᠷᠴᠢᠨ ᠵᠠᠰᠠᠭ ᠲᠠᠷᠬᠠᠭᠠᠬᠤ 〔2023〕 507 ᠳ᠋ᠤᠭᠠᠷ ᠲᠣᠭᠠᠲᠤᠡᠯ᠎ᠡ ᠰᠤᠮᠤ ᠪᠠᠯᠭᠠᠰᠤ ᠶᠢᠨ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠡᠯ᠎ᠡ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ᠂ ᠬᠡᠷᠡᠭ ᠡᠷᠬᠢᠯᠡᠬᠦ ᠭᠠᠵᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠶᠠᠮᠤᠨ ᠵᠥᠪᠯᠡᠯ ᠠᠯᠪᠠᠨ ᠭᠡᠷ ᠲᠣᠪᠴᠢᠶ᠎ᠠ᠂ ᠲᠣᠭᠤᠷᠢᠭ ᠤᠨ  ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠵᠢᠴᠢ ᠡᠯ᠎ᠡ ᠠᠷᠠᠳ ᠤᠨ ᠪᠦᠯᠬᠦᠮ᠂  ᠬᠤᠷᠴᠢᠨ ᠳᠤ ᠰᠠᠭᠤᠭ᠎ᠠ ᠲᠥᠪ ᠣᠷᠣᠨ ᠤ ᠰᠢᠭᠤᠳ ᠬᠠᠷᠢᠶ᠎ᠠ ᠡᠯ᠎ᠡ  ᠨᠢᠭᠡᠴᠢ ᠳᠤ᠄       ᠬᠤᠷᠴᠢᠨ ᠲᠣᠭᠤᠷᠢᠭ ᠤᠨ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠭ᠎ᠠ ᠶᠢᠨ ᠲᠦᠭᠰᠢᠭᠦᠷᠢ ᠶᠢᠨ ᠨᠥᠬᠦᠪᠦᠷᠢ ᠶᠢᠨ ᠲᠤᠰᠬᠠᠢ ᠪᠡᠯᠡ ᠮᠥᠩᠭᠦ ᠪᠠᠶᠢᠭᠤᠯᠬᠤ ᠲᠤᠬᠠᠢ ᠰᠠᠨᠠᠯ ︵ᠲᠤᠷᠰᠢᠨ ᠬᠡᠷᠡᠭᠵᠢᠭᠦᠯᠬᠦ︶︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃                                   ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                      2023 ᠣᠨ ᠤ 11 ᠰᠠᠷ᠎ᠠ ᠶᠢᠨ 9  ᠤ ᠡᠳᠦᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠳᠠᠨᠵᠢᠯᠠᠵᠤ ᠪᠡᠯᠡ ᠲᠣᠬᠢᠷᠠᠭᠤᠯᠬᠤ ᠲᠤᠰᠬᠠᠢ ᠪᠡᠯᠡ ᠮᠥᠩᠭᠦ ᠶᠢ ᠨᠥᠬᠦᠪᠦᠷᠢᠯᠡᠬᠦ ᠰᠠᠨᠠᠯ ︵ᠲᠤᠷᠰᠢᠨ ᠬᠡᠷᠡᠭᠵᠢᠭᠦᠯᠬᠦ︶      ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 - 2035︶︾ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢᠨ ᠲᠥᠯᠦᠪᠵᠢᠭᠦᠯᠭᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠲᠤ ᠵᠢᠭᠡᠯᠡᠯᠭᠡ ᠶᠢᠨ ᠥᠪᠡᠷ  ᠤᠨ ᠥᠷᠳᠡᠭ ᠢ ᠪᠠᠭᠤᠷᠠᠭᠤᠯᠵᠤ᠂ ᠬᠤᠷᠴᠢᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠮᠥᠩᠭᠦ ᠴᠤᠭᠯᠠᠭᠤᠯᠬᠤ ᠠᠵᠢᠯ ᠢ ᠠᠬᠢᠭᠤᠯᠵᠤ᠂ ᠬᠤᠷᠴᠢᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠤᠷᠴᠢᠨ ᠲᠣᠭᠤᠷᠢᠭ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠦᠶᠢᠯᠡᠰᠵᠢᠯᠲᠡ ᠶᠢᠨ ᠠᠬᠢᠴᠠ ᠶᠢ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠪᠠ ᠲᠦᠭᠰᠢᠭᠦᠷᠢ ᠶᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠬ᠎ᠠ ᠳᠡᠯᠭᠡᠭᠦᠷ ᠤᠨ ᠥᠷᠲᠡᠭ ᠢ ᠪᠡᠶᠡᠯᠡᠭᠦᠯᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠭᠰᠠᠨ ᠪᠡᠯᠡ ᠲᠣᠬᠢᠷᠠᠭᠤᠯᠭ᠎ᠠ ᠶᠢᠨ ᠲᠤᠰᠬᠠᠢ ᠵᠦᠢᠯ ᠤᠨ ᠪᠡᠯᠡ ᠮᠥᠩᠭᠦ ᠭᠠᠷᠭᠠᠬᠤ ᠪᠠᠷ ᠲᠣᠭᠲᠠᠪᠠ᠃       ᠨᠢᠭᠡ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ       ︵ᠨᠢᠭᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ︿ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠬᠤᠪᠢᠷᠠᠭᠤᠯᠤᠯᠲᠠ ᠶᠢᠨ ᠲᠤᠰᠬᠠᠢ ᠲᠥᠯᠥᠪᠯᠡᠭᠡ ᠶᠢ ᠬᠡᠷᠡᠭᠵᠢᠭᠦᠯᠵᠦ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠬᠦᠴᠦᠨ ᠨᠡᠮᠡᠷᠢᠯᠡᠬᠦ ᠶᠢᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠡᠳ᠋ ᠤᠨ ᠵᠠᠰᠠᠭ ᠪᠠᠩᠬᠢ ﹇2021﹈ 374 ᠳ᠋ᠦᠭᠡᠷ ᠲᠣᠭᠠᠲᠤ︶ ᠳᠤ ᠲᠣᠭᠲᠠᠭᠠᠭᠰᠠᠨ ᠨᠢ᠄ ︽ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ  ᠨᠡᠮᠡᠭᠳᠡᠭᠦᠯᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠵᠢᠴᠢ ᠲᠤᠰᠬᠠᠢ ᠠᠰᠢᠭ ᠢ ᠬᠤᠪᠢᠷᠠᠭᠤᠯᠬᠤ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠵᠠᠭᠪᠤᠷ ᠢ ᠰᠦᠪᠡᠭᠴᠢᠯᠡᠵᠦ᠂ ᠡᠳ᠋ ᠤᠨ ᠵᠠᠰᠠᠭ ᠪᠣᠯᠣᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠶᠢᠨ ᠲᠦᠭᠰᠢᠭᠦᠷᠢ ᠳᠤ ᠨᠥᠬᠦᠪᠦᠷᠢ ᠥᠭᠬᠦ ᠪᠠ ᠱᠠᠩᠨᠠᠵᠤ ᠨᠥᠬᠦᠪᠦᠷᠢ ᠥᠭᠬᠦ ᠬᠡᠷᠡᠭᠵᠢᠭᠦᠯᠬᠦ ᠠᠷᠭ᠎ᠠ ᠶᠢ ᠨᠡᠶᠢᠲᠡᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠭ᠎ᠠ ᠲᠠᠢ ᠵᠢᠭᠡᠯᠡᠯᠭᠡ ᠶᠢᠨ ᠲᠦᠭᠰᠢᠭᠦᠷᠢ ᠶᠢᠨ ᠨᠥᠬᠦᠪᠦᠷᠢ ᠪᠡᠯᠡ ᠮᠥᠩᠭᠦ ᠶᠢ ᠪᠠᠶᠢᠭᠤᠯᠵᠤ᠂ ᠬᠤᠳᠠᠯᠳᠤᠭᠠᠨ ᠤ ᠪᠠᠩᠬᠢ ᠲᠠᠢ ᠬᠤᠯᠪᠤᠭᠠᠯᠠᠨ ᠲᠤᠰᠬᠠᠢ ᠠᠰᠢᠭ ᠤᠨ ᠵᠢᠭᠡᠯᠡᠯᠭᠡ ᠶᠢᠨ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠨᠡᠶᠢᠲᠡᠯᠡᠵᠦ᠂ ᠨᠠᠩ ᠣᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠪᠡᠯᠡ ᠲᠣᠬᠢᠷᠠᠭᠤᠯᠭ᠎ᠠ ᠶᠢᠨ ᠬᠦᠴᠢᠷᠳᠡᠯ ᠢ ᠨᠢ ᠰᠢᠢᠳᠪᠦᠷᠢᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠭ᠎ᠠ ᠲᠠᠢ ᠪᠡᠯᠡ ᠲᠣᠬᠢᠷᠠᠭᠤᠯᠭ᠎ᠠ ᠶᠢᠨ ᠬᠦᠷᠢᠶᠡᠯᠡᠩ ᠳᠤ ᠣᠷᠣᠵᠤ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠭᠠᠳᠬᠠᠯ ᠤᠨ ᠠᠵᠢᠯ ᠢ ᠭᠦᠨᠵᠡᠭᠡᠢ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠡᠮᠳᠡᠭᠴᠢᠯᠡᠬᠦ ᠠᠷᠭ᠎ᠠ ᠵᠠᠮ ᠪᠠ ᠵᠠᠭᠪᠤᠷ ᠢ ᠰᠦᠪᠡᠭᠴᠢᠯᠡᠨ ᠰᠤᠳᠤᠯᠵᠤ᠂ ᠪᠡᠯᠡ  ᠲᠣᠬᠢᠷᠠᠭᠤᠯᠤᠯᠲᠠ ᠶᠢᠨ ᠠᠷᠭ᠎ᠠ ᠵᠠᠮ ᠢ  ᠥᠷᠭᠡᠳᠬᠡᠨ᠎ᠡ᠃       ︵ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ    ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ ︵ᠥᠪᠥᠷ ᠡᠳ᠋ ᠤᠨ ᠵᠠᠰᠠᠭ ᠰᠢᠨᠵᠢᠯᠡᠬᠦ ᠤᠬᠠᠭᠠᠨ ᠤ ᠲᠣᠭᠲᠠᠭᠠᠯ ﹇2023﹈ 11 ᠳ᠋ᠦᠭᠡᠷ ᠲᠣᠭᠠᠲᠤ︶ ᠳᠤ᠄ ︽  ᠠᠷᠪᠠᠳᠤᠭᠠᠷ ᠵᠦᠢᠯ   ᠲᠤᠰᠬᠠᠢ ᠪᠡᠯᠡ ᠮᠥᠩᠭᠦ ᠶᠢᠨ ᠳᠡᠮᠵᠢᠬᠦ ᠬᠡᠪᠴᠢᠶ᠎ᠡ ᠳᠤ᠄ ︵ᠨᠢᠭᠡ︶ ᠰᠠᠭᠤᠷᠢ ᠰᠤᠳᠤᠯᠤᠯ᠃ ᠪᠠᠶᠢᠭᠠᠯᠢ ᠶᠢᠨ ᠰᠢᠨᠵᠢᠯᠡᠬᠦ ᠤᠬᠠᠭᠠᠨ ᠵᠢᠴᠢ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢᠨ ᠰᠠᠭᠤᠷᠢ ᠰᠤᠳᠤᠯᠭᠠᠨ᠂ ᠬᠡᠷᠡᠭᠯᠡᠭᠡᠨ ᠤ ᠰᠠᠭᠤᠷᠢ ᠰᠤᠳᠤᠯᠭᠠᠨ ᠪᠠ ᠬᠤᠰᠢᠭᠤᠷᠠᠯ ᠰᠢᠨᠵᠢᠯᠡᠬᠦ ᠤᠬᠠᠭᠠᠨ ᠤ ᠴᠢᠯᠦᠭᠡᠲᠦ ᠰᠦᠪᠡᠭᠴᠢᠯᠡᠯᠲᠡ ᠥᠷᠨᠢᠭᠦᠯᠬᠦ ᠶᠢ ᠳᠡᠮᠵᠢᠬᠦ ᠳᠤ ᠬᠡᠷᠡᠭᠯᠡᠨ᠎ᠡ᠃ ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯᠡᠰ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ︽ᠪᠣᠭᠤᠮᠢᠯᠠᠬᠤ︾ ᠮᠡᠷᠭᠡᠵᠢᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢ ᠳᠡᠮᠵᠢᠬᠦ ᠳᠤ ᠬᠡᠷᠡᠭᠯᠡᠵᠦ᠂ ᠴᠢᠬᠤᠯᠠ ᠶᠡᠭᠡ ᠦᠢᠯᠡᠳᠬᠦᠨ ᠢ ᠨᠡᠭᠡᠭᠡᠨ ᠬᠥᠭᠵᠢᠭᠦᠯᠬᠦ ᠪᠠ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠳᠣᠪᠤᠶᠢᠯᠭᠠᠨ᠎ᠠ᠃ ︵ᠭᠤᠷᠪᠠ︶ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠬᠤᠪᠢᠷᠠᠭᠤᠯᠤᠨ᠎ᠠ᠃ ︽ᠳᠥᠷᠪᠡ ᠳᠤ ᠬᠠᠨᠳᠤᠭᠤᠯᠬᠤ︾ ᠶᠢ ᠲᠤᠪᠤᠶᠢᠯᠭᠠᠬᠤ ᠶᠢ ᠳᠡᠮᠵᠢᠬᠦ ᠳᠤ ᠬᠡᠷᠡᠭᠯᠡᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠬᠦᠷᠢᠶᠡᠨ ᠳᠠᠬᠢ ᠰᠢᠨ᠎ᠡ ᠶᠢ ᠡᠭᠦᠳᠬᠦ ᠬᠥᠭᠵᠢᠯᠲᠡ ᠶᠢᠨ ᠬᠡᠷᠡᠭᠴᠡᠭᠡ ᠶᠢ ᠲᠥᠪᠯᠡᠷᠡᠭᠦᠯᠦᠨ ᠰᠢᠢᠳᠪᠦᠷᠢᠯᠡᠨ᠎ᠡ᠃  ︵ᠳᠥᠷᠪᠡ︶ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ ᠲᠠᠪᠴᠠᠩ ︵ᠰᠠᠭᠤᠷᠢᠨ ᠭᠠᠵᠠᠷ︶ ᠢ ᠪᠣᠶᠢᠵᠢᠭᠤᠯᠬᠤ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠨᠥᠬᠦᠴᠡᠯ ᠤᠨ ᠪᠦᠲᠦᠭᠡᠨ ᠪᠠᠶᠢᠭᠤᠯᠤᠯᠲᠠ᠂ ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠰᠣᠯᠢᠯᠴᠠᠭ᠎ᠠ᠂ ᠵᠥᠭᠡᠯᠡᠨ ᠰᠢᠨᠵᠢᠯᠡᠬᠦ ᠤᠬᠠᠭᠠᠨ ᠤ ᠰᠤᠳᠤᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠶᠢ ᠡᠭᠦᠳᠬᠦ ᠶᠢ ᠬᠥᠲᠥᠯᠥᠨ ᠵᠢᠯᠤᠭᠤᠳᠴᠤ ᠤᠷᠮᠠᠰᠢᠭᠤᠯᠬᠤ ᠱᠠᠩᠨᠠᠵᠤ ᠨᠥᠬᠦᠪᠦᠷᠢᠯᠡᠬᠦ᠂ ᠮᠡᠷᠭᠡᠵᠢᠯ ᠤᠨ ᠠᠷᠠᠯᠵᠢᠶ᠎ᠠ ᠶᠢᠨ ᠨᠥᠬᠦᠪᠦᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠰᠢᠨ᠎ᠡ ᠶᠢ ᠡᠭᠦᠳᠬᠦ ᠠᠵᠢᠯᠯᠠᠭ᠎ᠠ ᠶᠢ ᠳᠡᠮᠵᠢᠬᠦ ᠳᠤ ᠬᠡᠷᠡᠭᠯᠡᠨ᠎ᠡ᠃ ︵ᠲᠠᠪᠤ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠡᠷᠡᠭᠵᠢᠭᠦᠯᠬᠦ ᠪᠠᠷ ᠲᠣᠭᠲᠠᠭᠠᠭᠰᠠᠨ ᠪᠤᠰᠤᠳ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ᠃  ᠠᠷᠪᠠᠨ ᠨᠢᠭᠡᠳᠦᠭᠡᠷ ᠵᠦᠢᠯ   ᠲᠤᠰᠬᠠᠢ ᠵᠦᠢᠯ ᠤᠨ ᠪᠡᠯᠡ ᠮᠥᠩᠭᠦ ᠪᠠᠷ ᠲᠤᠰᠠᠯᠠᠬᠤ ᠡᠲᠡᠭᠡᠳ ᠵᠢᠴᠢ ᠳᠡᠮᠵᠢᠬᠦ ᠠᠷᠭ᠎ᠠ ᠮᠠᠶ᠋ᠢᠭ᠄ ︵ᠨᠢᠭᠡ︶ ᠲᠤᠰᠠᠯᠠᠬᠤ ᠡᠲᠡᠭᠡᠳ᠄ ᠲᠥᠷᠥᠯ ᠵᠦᠢᠯ ᠤᠨ ᠲᠦᠷᠦᠭᠦᠯᠡᠬᠦ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠰᠠᠶᠢᠨ ᠰᠠᠶᠢᠬᠠᠨ ᠰᠤᠳᠤᠯᠤᠨ ᠨᠡᠭᠡᠭᠡᠬᠦ ᠨᠥᠬᠦᠴᠡᠯ ᠲᠠᠢ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠂ ᠳᠡᠭᠡᠳᠦ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠲᠥᠪ ᠤᠨ ᠮᠣᠩᠭᠤᠯ ᠤᠯᠤᠰ ᠲᠤ ᠰᠠᠭᠤᠭ᠎ᠠ ᠪᠡᠶ᠎ᠡ ᠪᠠᠨ ᠳᠠᠭᠠᠭᠠᠭᠰᠠᠨ ᠪᠤᠰᠤ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠵᠢᠴᠢ ᠪᠤᠰᠤᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠪᠠ ᠦᠢᠯᠡᠴᠢᠯᠡᠭᠡᠨ ᠤ ᠴᠢᠳᠠᠪᠤᠷᠢ ᠲᠠᠢ ᠨᠢᠭᠡᠴᠢ ᠵᠡᠷᠭᠡ ᠪᠠᠶᠢᠬᠤ ᠬᠡᠷᠡᠭᠲᠡᠢ᠃ ︵ᠬᠤᠶᠠᠷ︶ ᠳᠡᠮᠵᠢᠬᠦ ᠠᠷᠭ᠎ᠠ ᠮᠠᠶ᠋ᠢᠭ᠄ ᠲᠤᠰᠬᠠᠢ ᠵᠦᠢᠯ ᠤᠨ ᠪᠡᠯᠡ ᠮᠥᠩᠭᠦ ᠳᠤ ᠬᠡᠷᠡᠭ ᠤᠨ ᠡᠮᠦᠨ᠎ᠡ ᠵᠣᠭᠤᠰ ᠢᠶᠠᠷ ᠲᠤᠰᠠᠯᠠᠬᠤ᠂ ᠬᠡᠷᠡᠭ ᠤᠨ ᠳᠠᠷᠠᠭ᠎ᠠ ᠲᠤᠰᠠᠯᠠᠬᠤ ᠪᠠ ᠪᠤᠰᠤᠳ ᠳᠡᠮᠵᠢᠬᠦ ᠠᠷᠭ᠎ᠠ ᠮᠠᠶ᠋ᠢᠭ ᠢ ᠬᠡᠷᠡᠭᠯᠡᠨ᠎ᠡ᠃ 1. ᠬᠡᠷᠡᠭ ᠠᠴᠠ ᠡᠮᠦᠨ᠎ᠡ ᠵᠣᠭᠤᠰ ᠮᠥᠩᠭᠦ ᠪᠠᠷ ᠲᠤᠰᠠᠯᠠᠬᠤ ᠭᠡᠳᠡᠭ ᠨᠢ ᠵᠦᠢᠯᠡᠰ ᠢ ᠰᠡᠳᠦᠪ ᠲᠣᠭᠲᠠᠭᠠᠭᠰᠠᠨ ᠤ ᠲᠠᠷᠠᠭ᠎ᠠ ᠂ ᠲᠤᠰᠬᠠᠢ ᠵᠦᠢᠯ ᠤᠨ ᠪᠡᠯᠡ ᠮᠥᠩᠭᠦ ᠶᠢᠨ ᠲᠥᠯᠥᠪᠯᠡᠭᠡ ᠶᠢ ᠦᠨᠳᠦᠰᠦᠯᠡᠨ ᠬᠡᠷᠡᠭ ᠠᠴᠠ ᠡᠮᠦᠨ᠎ᠡ ᠵᠣᠭᠤᠰ ᠮᠥᠩᠭᠦ ᠪᠠᠷ ᠲᠤᠰᠠᠯᠠᠵᠤ᠂ ᠲᠤᠰᠬᠠᠢ ᠵᠦᠢᠯ ᠤᠨ ᠪᠡᠯᠡ ᠮᠥᠩᠭᠦ ᠶᠢ ᠰᠢᠭᠤᠳ ᠵᠦᠢᠯᠡᠰ ᠢ ᠳᠠᠭᠠᠭᠠᠨ ᠠᠪᠤᠭᠰᠠᠨ ᠨᠢᠭᠡᠴᠢ ᠳᠤ ᠰᠢᠯᠵᠢᠭᠦᠯᠦᠨ ᠥᠭᠬᠦ ᠵᠣᠭᠤᠰ ᠮᠥᠩᠭᠦ ᠪᠠᠷ ᠲᠤᠰᠠᠯᠠᠬᠤ ᠠᠷᠭ᠎ᠠ ᠮᠠᠶ᠋ᠢᠭ ᠢ ᠵᠢᠭᠠᠵᠤ ᠪᠠᠶᠢᠨ᠎ᠠ᠃ 2. ᠬᠡᠷᠡᠭ ᠤᠨ ᠳᠠᠷᠠᠭ᠎ᠠ ᠨᠥᠬᠦᠪᠦᠷᠢ ᠥᠭᠬᠦ ᠭᠡᠳᠡᠭ ᠨᠢ ᠲᠥᠷᠥᠯ ᠵᠦᠢᠯ ᠢ ᠳᠠᠭᠠᠭᠠᠨ ᠡᠭᠦᠷᠭᠡᠯᠡᠬᠦ ᠨᠢᠭᠡᠴᠢ ᠨᠢ ᠤᠷᠢᠳᠠᠪᠠᠷ ᠪᠡᠯᠡ ᠮᠥᠩᠭᠦ ᠣᠷᠣᠭᠤᠯᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ᠂ ᠡᠰᠡᠬᠦᠯ᠎ᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠬᠠᠩᠭᠠᠬᠤ ᠵᠡᠷᠭᠡ ᠠᠵᠢᠯᠯᠠᠭ᠎ᠠ ᠶᠢ ᠵᠢᠭᠠᠵᠤ ᠪᠣᠶ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠶᠢ ᠦᠨᠳᠦᠰᠦᠯᠡᠨ᠂ ᠬᠡᠷᠡᠭ ᠤᠨ ᠳᠠᠷᠠᠭ᠎ᠠ ᠲᠤᠰᠬᠠᠢ ᠵᠦᠢᠯ ᠤᠨ ᠪᠡᠯᠡ ᠮᠥᠩᠭᠦ ᠶᠢᠨ ᠨᠥᠬᠦᠪᠦᠷᠢ ᠣᠯᠭᠤᠬᠤ ᠶᠢ ᠳᠡᠮᠵᠢᠬᠦ ᠠᠷᠭ᠎ᠠ ᠮᠠᠶ᠋ᠢᠭ ᠢ ᠵᠢᠭᠠᠵᠤ ᠪᠣᠶ᠃ 3. ᠪᠤᠰᠤᠳ ᠳᠡᠮᠵᠢᠬᠦ ᠠᠷᠭ᠎ᠠ ᠮᠠᠶ᠋ᠢᠭ᠃ ᠠᠶᠤᠯ ᠲᠦᠭᠰᠢᠭᠦᠷᠢ ᠶᠢᠨ ᠨᠥᠬᠦᠪᠦᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ ᠵᠡᠷᠭᠡ ᠶᠢ ᠪᠠᠭᠲᠠᠭᠠᠭᠰᠠᠨ ᠬᠡᠷᠡᠭ ᠶᠠᠪᠤᠳᠠᠯ ᠤᠨ ᠡᠮᠦᠨ᠎ᠡ ᠵᠣᠭᠤᠰ ᠮᠥᠩᠭᠦ ᠪᠠᠷ ᠲᠤᠰᠠᠯᠠᠬᠤ ᠪᠠ ᠬᠡᠷᠡᠭ ᠶᠠᠪᠤᠳᠠᠯ ᠤᠨ ᠬᠤᠶᠢᠨ᠎ᠠ ᠨᠥᠬᠦᠪᠦᠷᠢ ᠥᠭᠬᠦ ᠠᠴᠠ ᠪᠤᠰᠤᠳ ᠳᠡᠮᠵᠢᠬᠦ ᠠᠷᠭ᠎ᠠ ᠮᠠᠶ᠋ᠢᠭ︾  ᠢ ᠵᠢᠭᠠᠵᠤ ᠪᠠᠶᠢᠨ᠎ᠠ᠃       ︵ᠭᠤᠷᠪᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 ︱ 2035 ᠣᠨ︶﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠨᠠᠮ ᠠᠯᠪᠠᠨ ᠲᠠᠷᠬᠠᠭᠠᠭᠰᠠᠨ ﹇2022﹈ 36 ᠳ᠋ᠤᠭᠠᠷ ᠲᠣᠭᠠᠲᠤ ᠶᠡᠷᠦᠩᠬᠡᠢ ᠱᠠᠭᠠᠷᠳᠠᠯᠭ᠎ᠠ ᠳᠤ ᠵᠢᠭᠠᠵᠤ ᠭᠠᠷᠭᠠᠭᠰᠠᠨ ᠨᠢ᠄ ︽2025 ᠣᠨ ᠪᠣᠯᠬᠤ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠵᠣᠭᠤᠰ ᠤᠨ ᠲᠤᠭ᠎ᠠ ᠶᠢ ᠨᠡᠶᠢᠲᠡ 100 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠣᠨ᠎ᠠ ︾᠃       ︵ᠳᠥᠷᠪᠡ︶ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2016﹈ 113 ᠳ᠋ᠤᠭᠠᠷ ᠲᠣᠭᠠᠲᠤ︶ ᠳᠤ᠄ ︽︵ᠠᠷᠪᠠᠨ ᠳᠥᠷᠪᠡ︶ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠪᠦᠲᠦᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠨ᠎ᠡ ᠶᠢ ᠡᠭᠦᠳᠦᠯᠲᠡ᠂ ᠰᠢᠪᠲᠤᠯᠤᠯᠲᠠ ᠶᠢᠨ ᠮᠠᠶ᠋ᠢᠭ ᠤᠨ ᠬᠥᠭᠵᠢᠯᠲᠡ  ᠶᠢ ᠪᠡᠶᠡᠯᠡᠭᠦᠯᠦᠨ᠎ᠡ᠃ ︵ᠠᠷᠪᠠᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠢᠯᠵᠢᠭᠦᠯᠦᠨ ᠬᠤᠪᠢᠷᠠᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠤ ᠰᠢᠨ᠎ᠡ ᠶᠢ ᠡᠭᠦᠳᠬᠦ ᠶᠢ ᠴᠢᠩᠭᠠᠳᠬᠠᠵᠤ᠂  ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠵᠤ ᠪᠡᠯᠡ  ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃       ᠬᠤᠶᠠᠷ᠂ ᠲᠦᠭᠰᠢᠭᠦᠷᠢ ᠳᠤ ᠨᠥᠬᠦᠪᠦᠷᠢᠯᠡᠬᠦ ᠪᠡᠯᠡ ᠮᠥᠩᠭᠦ ᠶᠢᠨ ᠬᠡᠪᠴᠢᠶ᠎ᠡ ᠶᠢ ᠪᠠᠶᠢᠭᠤᠯᠬᠤ ᠬᠡᠷᠡᠭᠲᠡᠢ       ᠬᠤᠷᠴᠢᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠮᠥᠩᠭᠦ ᠴᠤᠭᠯᠠᠭᠤᠯᠬᠤ ᠠᠵᠢᠯ ᠢ ᠪᠦᠬᠦ ᠲᠠᠯ᠎ᠠ  ᠪᠠᠷ ᠠᠬᠢᠭᠤᠯᠬᠤ ᠶᠢᠨ ᠲᠥᠯᠥᠭᠡ᠂ ᠳᠠᠨᠵᠢᠯᠠᠵᠤ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠢ ᠳᠡᠮᠵᠢᠨ ᠵᠣᠷᠢᠭᠵᠢᠭᠤᠯᠵᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠪᠴᠢᠶ᠎ᠡ ᠶᠢ ᠥᠷᠭᠡᠳᠬᠡᠨ᠂ ᠬᠤᠷᠴᠢᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ  ᠠᠴᠠ 100 ᠲᠦᠮᠡᠨ ᠲᠥᠭᠦᠷᠢᠭ ᠰᠠᠯᠭᠠᠨ ᠥᠭᠴᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠭᠰᠢᠭᠦᠷᠢ ᠶᠢᠨ ᠨᠥᠬᠦᠪᠦᠷᠢ ᠶᠢᠨ ᠪᠡᠯᠡ ᠮᠥᠩᠭᠦ ᠪᠠᠶᠢᠭᠤᠯᠬᠤ ᠳᠤ ᠬᠡᠷᠡᠭᠯᠡᠭᠦᠯᠦᠨ᠎ᠡ᠂ ᠡᠭᠦᠨ ᠳᠤ᠄ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠵᠤ ᠪᠡᠯᠡ ᠲᠣᠬᠢᠷᠠᠭᠤᠯᠬᠤ ᠲᠦᠭᠰᠢᠭᠦᠷᠢ ᠶᠢᠨ ᠪᠡᠯᠡᠳᠬᠡᠯ ᠮᠥᠩᠭᠦ 80 ᠲᠦᠮᠡᠨ ᠲᠥᠭᠦᠷᠢᠭ᠂ ᠳᠠᠨᠵᠢᠯᠠᠵᠤ ᠪᠡᠯᠡ ᠲᠣᠬᠢᠷᠠᠭᠤᠯᠬᠤ ᠨᠥᠬᠦᠪᠦᠷᠢ ᠶᠢᠨ ᠪᠡᠯᠡ ᠮᠥᠩᠭᠦ ︵ᠦᠢᠯᠡᠴᠢᠯᠡᠭᠡᠨ ᠤ ᠵᠠᠷᠤᠳᠠᠯ ᠤᠨ ᠨᠥᠬᠦᠪᠦᠷᠢ᠂ ᠪᠡᠯᠡ ᠲᠣᠬᠢᠷᠠᠭᠤᠯᠭ᠎ᠠ ᠶᠢᠨ ᠳᠠᠮ ᠬᠦᠦ᠂ ᠬᠠᠮᠢᠶᠠᠷᠤᠯᠲᠠ ᠶᠢᠨ ᠵᠠᠷᠤᠳᠠᠯ ᠵᠡᠷᠭᠡ ᠪᠠᠭᠲᠠᠨ᠎ᠠ ︶ 20 ᠲᠦᠮᠡᠨ ᠲᠥᠭᠦᠷᠢᠭ ᠪᠠᠭᠲᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠭᠰᠠᠨ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠳᠤ ᠲᠦᠭᠰᠢᠭᠦᠷᠢ ᠭᠠᠷᠪᠠᠯ᠂ ᠪᠠᠩᠬᠢ ᠵᠡᠷᠭᠡ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠬᠢᠷᠠᠯ ᠢ ᠬᠠᠷᠢᠴᠠᠯ ᠶᠣᠰᠣᠭᠠᠷ ᠨᠥᠬᠦᠪᠦᠷᠢᠯᠡᠬᠦ ᠬᠡᠷᠡᠭᠲᠡᠢ᠃ ᠲᠦᠭᠰᠢᠭᠦᠷᠢ ᠶᠢᠨ ᠨᠥᠬᠦᠪᠦᠷᠢ ᠶᠢᠨ ᠪᠡᠯᠡ ᠮᠥᠩᠭᠦ ᠨᠢ ᠠᠰᠢᠭ ᠣᠯᠵᠠᠪᠤᠷᠢ ᠶᠢᠨ ᠪᠤᠰᠤ ᠰᠢᠨᠵᠢ ᠴᠢᠨᠠᠷ ᠲᠠᠢ ᠪᠠᠶᠢᠵᠤ᠂ ᠬᠤᠷᠰᠢᠭᠰᠠᠨ ᠪᠠᠶᠢᠭᠤᠯᠤᠮᠵᠢ ᠵᠢᠴᠢ ᠠᠵᠤ ᠠᠬᠤᠶᠢᠯᠠᠯ ᠤᠨ ᠶᠠᠮᠠᠷᠪᠠ ᠵᠠᠷᠤᠳᠠᠯ ᠢ ᠬᠤᠷᠢᠶᠠᠬᠤ ᠦᠭᠡᠢ᠃       ᠭᠤᠷᠪᠠ᠂ ᠰᠠᠨᠠᠯ  ᠢ ᠬᠡᠷᠡᠭᠵᠢᠭᠦᠯᠬᠦ ᠬᠤᠭᠤᠴᠠᠭ᠎ᠠ       ᠲᠣᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ 2024 ᠣᠨ ᠤ 12 ᠰᠠᠷ᠎ᠠ ᠶᠢᠨ 31 ᠤ ᠡᠳᠦᠷ ᠳᠠᠭᠤᠰᠤᠨ᠎ᠠ᠃ ᠲᠦᠭᠰᠢᠭᠦᠷᠢ ᠳᠤ ᠨᠥᠬᠦᠪᠦᠷᠢ ᠥᠭᠬᠦ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠬᠢᠵᠠᠭᠠᠷ ᠢ ᠵᠠᠷᠴᠢᠮ ᠳᠡᠭᠡᠷ᠎ᠡ ᠪᠠᠨ ᠲᠤᠰ ᠰᠠᠨᠠᠯ ᠤᠨ ᠬᠦᠴᠦᠨ ᠲᠠᠢ ᠬᠤᠭᠤᠴᠠᠭ᠎ᠠ ᠠᠴᠠ ᠬᠡᠲᠦᠷᠡᠭᠦᠯᠵᠦ ᠪᠣᠯᠬᠤ ᠦᠭᠡᠢ᠂ ᠡᠰᠡ ᠲᠡᠭᠡᠪᠡᠯ ᠲᠦᠭᠰᠢᠭᠦᠷᠢ ᠳᠤ ᠨᠥᠬᠦᠪᠦᠷᠢ ᠥᠭᠬᠦ ᠪᠡᠯᠡ ᠮᠥᠩᠭᠦ ᠨᠢ ᠶᠠᠮᠠᠷᠪᠠ ᠲᠦᠭᠰᠢᠭᠦᠷᠢ ᠳᠤ ᠨᠥᠬᠦᠪᠦᠷᠢ ᠥᠭᠬᠦ ᠬᠠᠷᠢᠭᠤᠴᠠᠯᠭ᠎ᠠ ᠡᠭᠦᠷᠭᠡᠯᠡᠬᠦ ᠦᠭᠡᠢ᠃ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号