ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠣ  ᠬᠡᠷᠡᠭ ᠤᠨ ᠲᠡᠮᠳᠡᠭᠯᠡᠯ ︵2023 ᠣᠨ ᠤ 10 ᠰᠠᠷ᠎ᠠ︶
ᠨᠡᠶᠢᠲᠡᠯᠡᠭᠰᠡᠨ ᠴᠠᠭ᠄
2023/12/7
      10 ᠰᠠᠷ᠎ᠠ ᠶᠢᠨ 9 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ︽ᠬᠤᠶᠠᠷ ᠢ ᠲᠣᠬᠢᠶᠠᠯᠳᠤᠯ ᠢᠶᠠᠷ ᠬᠢᠵᠦ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠵᠢᠴᠢ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠪᠠ᠃       10 ᠰᠠᠷ᠎ᠠ ᠶᠢᠨ 19 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠬᠤᠷᠴᠢᠨ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠭᠡᠷ ᠪᠦᠯᠢ ᠪᠠ ᠰᠤᠷᠭᠠᠭᠤᠯᠢ ᠲᠠᠢ ᠬᠠᠮᠲᠤ ᠪᠠᠷ ᠪᠣᠶᠢᠵᠢᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠲᠣᠭᠤᠷᠢᠭ ᠤᠨ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃       10 ᠰᠠᠷ᠎ᠠ ᠶᠢᠨ 16 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠬᠤᠷᠴᠢᠨ ᠲᠣᠭᠤᠷᠢᠭ ᠤᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠬᠢᠨᠠᠨ ᠬᠠᠷᠭᠤᠭᠤᠯᠵᠤ ᠰᠢᠢᠳᠪᠦᠷᠢᠯᠡᠬᠦ ᠳᠤᠮᠳᠠ ᠲᠣᠬᠢᠷᠠᠭᠤᠯᠤᠯᠲᠠ ᠬᠢᠵᠦ ᠨᠥᠬᠦᠵᠦ ᠬᠤᠪᠢᠶᠠᠷᠢᠯᠠᠬᠤ ᠪᠠᠷ ᠪᠠᠶᠢᠭ᠎ᠠ ᠰᠠᠨᠠᠯ ᠬᠤᠷᠢᠶᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃       10 ᠰᠠᠷ᠎ᠠ ᠶᠢᠨ 18 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠪᠠᠷ᠎ᠠ ᠪᠣᠯᠵᠤ ᠲᠦᠩᠯᠢᠶᠣᠣ ᠬᠤᠲᠠ ᠶᠢᠨ ᠬᠢᠲᠠᠳ ᠡᠮᠨᠡᠯᠭᠡ ᠶᠢᠨ ᠬᠤᠷᠢᠶ᠎ᠠ ᠳᠤ  ᠪᠠᠶᠢᠴᠠᠭᠠᠨ ᠰᠤᠳᠤᠯᠤᠯᠲᠠ ᠬᠢᠪᠡ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠪᠦᠯᠬᠦᠮ ᠳᠠᠭᠠᠭᠤᠯᠤᠨ ᠢ ᠦ᠋ ᠬᠤᠳᠠ ᠳᠤ ᠬᠦᠷᠴᠦ ᠠᠷᠠᠯᠵᠢᠶᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯ ᠥᠷᠨᠢᠭᠦᠯᠪᠡ᠃       10 ᠰᠠᠷ᠎ᠠ ᠶᠢᠨ 19 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠪᠡᠭᠡᠵᠢᠩ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      10 ᠳ᠋ᠤᠭᠠᠷ ᠰᠠᠷ᠎ᠠ ᠶᠢᠨ 24 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠳ᠋ᠦᠩ  ᠹᠠᠩ  ᠱᠢ  ᠵᠢᠢ ᠴᠧᠩ  ᠰᠠᠭᠤᠭᠠᠯᠢ  ᠠᠷᠠᠳ ᠤᠨ ᠲᠣᠭᠤᠷᠢᠭ ᠤᠨ ᠨᠢᠭᠡ ᠮᠥᠴᠡ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ‍ᠤᠨ‌‍ᠲ᠋ᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠬᠢᠪᠡ᠃       10 ᠰᠠᠷ᠎ᠠ ᠶᠢᠨ 26 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠦᠷᠴᠦ ᠪᠡᠶ᠎ᠡ ᠶᠢᠨ ᠲᠠᠮᠢᠷ ᠤᠨ ᠴᠡᠴᠡᠷᠯᠢᠭ ᠤᠨ ᠲᠥᠷᠥᠯ ᠵᠦᠢᠯ ᠤᠨ ᠲᠤᠰᠬᠠᠢ ᠪᠡᠯᠡ ᠮᠥᠩᠭᠦ ᠶᠢ ᠭᠤᠶᠤᠴᠢᠯᠠᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠯᠪᠠᠨ ᠭᠡᠷ ᠲᠤ ᠪᠠᠷ᠎ᠠ ᠪᠣᠯᠵᠤ ︽ᠴᠡᠷᠢᠭ ᠤᠨ ᠬᠡᠷᠡᠭᠯᠡᠭᠡ ᠶᠢ ᠠᠷᠠᠳ ᠤᠨ ᠬᠡᠷᠡᠭᠯᠡᠭᠡ ᠳᠤ ᠣᠷᠣᠭᠤᠯᠬᠤ︾᠂︽ᠠᠷᠠᠳᠴᠢᠯᠠᠯ ᠢᠶᠠᠷ ᠴᠡᠷᠢᠭ ᠲᠤ ᠣᠷᠣᠭᠤᠯᠬᠤ︾ ᠭᠤᠣᠯᠳᠠᠯᠭ᠎ᠠ ᠲᠠᠢ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ᠃      10 ᠰᠠᠷ᠎ᠠ ᠶᠢᠨ 30 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃       10 ᠳ᠋ᠤᠭᠠᠷ ᠰᠠᠷ᠎ᠠ ᠶᠢᠨ 31 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠤᠨ ᠪᠣᠭᠤᠮᠲᠠ ᠪᠠᠷ ᠥᠩᠭᠡᠷᠡᠬᠦ ᠠᠵᠢᠯ ᠢ ᠲᠦᠯᠬᠢᠨ ᠠᠬᠢᠭᠤᠯᠬᠤ ᠬᠤᠷᠠᠯ ᠢ ᠲᠦᠯᠬᠢᠨ ᠠᠬᠢᠭᠤᠯᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号