ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠣ ᠬᠡᠷᠡᠭ ᠤᠨ ᠲᠡᠮᠳᠡᠭᠯᠡᠯ ︵2023 ᠣᠨ ᠤ 11 ︱ 12 ᠰᠠᠷ᠎ᠠ︶
ᠨᠡᠶᠢᠲᠡᠯᠡᠭᠰᠡᠨ ᠴᠠᠭ᠄
2023/12/7
      11 ᠰᠠᠷ᠎ᠠ ᠶᠢᠨ 2 ᠤᠨ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠳᠣᠯᠣᠳᠤᠭᠠᠷ ᠳᠤᠮᠳᠠᠳᠤ ᠰᠤᠷᠭᠠᠭᠤᠯᠢ᠂ ᠮᠢᠩ ᠷᠧᠨ ᠪᠠᠭ᠎ᠠ ᠰᠤᠷᠭᠠᠭᠤᠯᠢ ᠶᠢᠨ ᠬᠤᠶᠢᠲᠤ ᠰᠤᠷᠭᠠᠭᠤᠯᠢ ᠶᠢᠨ ᠲᠣᠭᠤᠷᠢᠭ ᠲᠤ ᠭᠦᠨᠵᠡᠭᠡᠶᠢᠷᠡᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠬᠤᠷᠴᠢᠨ ᠲᠣᠭᠤᠷᠢᠭ︵ᠬᠠᠩᠵᠧᠦ︶ ᠤᠨ ᠬᠤᠶᠠᠷ ᠢ ᠡᠯᠰᠡᠵᠦ ᠬᠤᠶᠠᠷ ᠢ ᠲᠠᠲᠠᠬᠤ ᠬᠠᠮᠲᠤᠷᠠᠯᠴᠠᠭᠠᠨ ᠤ ᠲᠦᠷᠦᠯ ᠵᠦᠢᠯ ᠤᠨ ᠲᠤᠰᠬᠠᠢ ᠲᠠᠯᠠᠪᠤᠷ ᠤᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃      11 ᠰᠠᠷ᠎ᠠ ᠶᠢᠨ 3 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠮᠡᠯᠡᠬᠡᠶᠢᠲᠦ ᠰᠤᠷᠭᠠᠭᠤᠯᠢ ᠳᠤ ᠭᠦᠨᠵᠡᠭᠡᠶᠢᠷᠡᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃       11 ᠰᠠᠷ᠎ᠠ ᠶᠢᠨ 6 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠸᠠᠨ ᠳ᠋ᠠ ᠴᠢᠨ ᠹᠦ᠋ ᠳᠤ ᠬᠦᠷᠴᠦ ᠴᠠᠬᠢᠯᠭᠠᠨ ᠬᠦᠴᠦᠨ ᠢ ᠵᠠᠪᠳᠤᠨ ᠵᠠᠰᠠᠬᠤ ᠬᠠᠮᠢᠶ᠎ᠠ ᠪᠦᠬᠦᠢ ᠤᠴᠢᠷ ᠶᠠᠪᠤᠳᠠᠯ ᠢ ᠲᠣᠬᠢᠷᠠᠭᠤᠯᠪᠠ᠃       11 ᠰᠠᠷ᠎ᠠ ᠶᠢᠨ 9 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠬᠤᠲᠠ ᠶᠢᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠲᠤ ᠪᠠᠷ᠎ᠠ ᠪᠣᠯᠵᠤ᠂ ᠮᠠᠨ ‍ᠤ‌‍ᠲ᠋ᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶ᠎ᠠ ᠪᠦᠬᠦᠢ  ᠤᠴᠢᠷ ᠶᠠᠪᠤᠳᠠᠯ ᠢ ᠬᠢᠨᠠᠨ ᠵᠢᠯᠤᠭᠤᠭᠪᠠ᠃       11 ᠰᠠᠷ᠎ᠠ ᠶᠢᠨ 12 ᠤᠨ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠢᠯᠴᠢ ᠰᠣᠯᠢᠯᠴᠠᠬᠤ ᠥᠷᠲᠡᠭᠡ ᠶᠢᠨ ᠥᠭᠡᠷᠡᠴᠢᠯᠡᠯᠲᠡ ᠶᠢᠨ ᠶᠠᠪᠤᠳᠠᠯ ᠢ ᠲᠣᠬᠢᠷᠠᠭᠤᠯᠵᠤ᠂ ᠲᠤᠰᠬᠠᠢ ᠰᠡᠳᠦᠪᠲᠦ ᠲᠣᠬᠢᠷᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃       11 ᠰᠠᠷ᠎ᠠ ᠶᠢᠨ 13 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ︽ᠭᠤᠷᠪᠠᠨ ᠪᠡᠷᠬᠡ︾ ᠬᠦᠷᠢᠶᠡᠨ ᠳᠠᠬᠢ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠵᠦᠢᠯᠡᠰ ᠲᠤ ᠲᠣᠬᠢᠷᠠᠭᠤᠯᠤᠯᠲᠠ ᠬᠢᠪᠡ᠃       11 ᠰᠠᠷ᠎ᠠ ᠶᠢᠨ 15 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠬᠤᠷᠴᠢᠨ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ︽ᠬᠤᠷᠴᠢᠨ ᠨᠠᠷᠠᠲᠤ ᠪᠠᠭᠰᠢ︾ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠳᠤ ᠣᠷᠣᠯᠴᠠᠪᠠ᠃       11 ᠰᠠᠷ᠎ᠠ ᠶᠢᠨ 14 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠬᠦᠷᠴᠦ᠂ ᠬᠤᠲᠠ ᠶᠢᠨ ᠰᠢᠭᠤᠳ ᠬᠠᠷᠢᠶ᠎ᠠ ᠠᠵᠢᠯᠲᠠᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠢᠵᠢᠯᠢᠰᠢᠯ ᠬᠢᠭᠡᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶ᠎ᠠ ᠪᠦᠬᠦᠢ ᠤᠴᠢᠷ ᠶᠠᠪᠤᠳᠠᠯ ᠢ ᠲᠣᠬᠢᠷᠠᠭᠤᠯᠪᠠ᠃       11 ᠰᠠᠷ᠎ᠠ ᠶᠢᠨ 15 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠮᠣᠩᠭᠤᠯ ᠸᠠᠩ ᠤᠨ ᠵᠦᠢᠯᠡᠰ ᠲᠤ ᠲᠣᠬᠢᠷᠠᠭᠤᠯᠤᠯᠲᠠ ᠬᠢᠵᠦ᠂ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       11 ᠰᠠᠷ᠎ᠠ ᠶᠢᠨ 19 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠬᠤᠷᠴᠢᠨ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃       11 ᠰᠠᠷ᠎ᠠ ᠶᠢᠨ 21 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠵᠢᠶᠠᠨ ᠭᠦᠸᠧ ᠲᠣᠭᠤᠷᠢᠭ ᠤᠨ ᠬᠤᠲᠠ ᠶᠢᠨ ᠱᠠᠲᠤᠨ ᠤ ᠨᠥᠭᠡᠴᠡᠯᠡᠬᠦ ᠭᠠᠵᠠᠷ ᠰᠢᠷᠣᠢ ᠳᠤ ᠲᠣᠬᠢᠷᠠᠭᠤᠯᠤᠯᠲᠠ ᠬᠢᠵᠦ ᠭᠠᠵᠠᠷ ᠰᠢᠷᠣᠢ ᠪᠠᠨ ᠠᠯᠳᠠᠭᠰᠠᠨ ᠲᠠᠷᠢᠶᠠᠴᠢᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠦᠷᠢ ᠶᠢᠨ ᠬᠠᠮᠢᠶ᠎ᠠ ᠪᠦᠬᠦᠢ ᠤᠴᠢᠷ ᠶᠠᠪᠤᠳᠠᠯ ᠢ ᠲᠣᠬᠢᠷᠠᠭᠤᠯᠪᠠ᠃       11 ᠰᠠᠷ᠎ᠠ ᠶᠢᠨ 22 ᠤᠨ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠲᠦᠩᠯᠢᠶᠣᠣ ᠬᠤᠲᠠ ᠶᠢᠨ ᠦᠷᠡᠭᠳᠡᠭᠰᠡᠨ ᠪᠠᠭᠠᠲᠤᠷᠴᠤᠳ ᠤᠨ ᠦᠶᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠤᠷᠴᠢᠨ ᠲᠣᠭᠤᠷᠢᠭ ᠤᠨ ᠲᠤᠰᠬᠠᠢ ᠲᠠᠯᠠᠪᠤᠷ ᠤᠨ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠪᠠ᠃       11 ᠰᠠᠷ᠎ᠠ ᠶᠢᠨ 16 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠭᠠᠵᠠᠷ ᠰᠢᠷᠣᠢ ᠶᠢᠨ ᠬᠠᠮᠲᠤ ᠶᠢᠨ ᠰᠢᠢᠳᠪᠦᠷᠢᠲᠦ ᠪᠣᠳᠣᠯᠭ᠎ᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃       11 ᠰᠠᠷ᠎ᠠ ᠶᠢᠨ 28 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠣᠨᠴᠠ ᠵᠠᠷᠢᠮ ᠠᠮᠢ ᠠᠬᠤᠢ ᠶᠢᠨ ᠵᠠᠰᠠᠯᠲᠠ ᠶᠢᠨ ᠵᠦᠢᠯᠡᠰ ᠤᠨ ᠲᠣᠭᠤᠷᠢᠭ ᠤᠨ ᠣᠶ ᠰᠢᠭᠤᠢ ᠶᠢᠨ ᠲᠠᠷᠢᠶᠠᠯᠠᠭ᠎ᠠ ᠶᠢᠨ ᠵᠥᠷᠢᠴᠡᠯ ᠤᠨ ᠪᠠᠶᠢᠳᠠᠯ ᠢ ᠪᠠᠶᠢᠴᠠᠭᠠᠨ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃       11 ᠰᠠᠷ᠎ᠠ ᠶᠢᠨ 29 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠲᠦᠩᠯᠢᠶᠣᠣ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠳᠠ ᠶᠢᠨ ᠳᠠᠷᠤᠭ᠎ᠠ ᠺᠠᠩ ᠶᠦᠩ ᠴᠢᠶᠠᠩ ᠨᠠᠷ ᠲᠤ ᠪᠠᠷ᠎ᠠ ᠪᠣᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠠᠢ᠃       12 ᠰᠠᠷ᠎ᠠ ᠶᠢᠨ 1 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠰᠢᠰᠲ᠋ᠧᠮ ᠤᠨ ᠭᠠᠯ ᠤᠨᠲᠠᠷᠠᠭᠠᠬᠤ ᠶᠠᠪᠤᠳᠠᠯ ᠤᠨ ᠲᠤᠰᠬᠠᠢ ᠬᠤᠷᠠᠯ ᠬᠤᠷᠠᠯᠳᠤᠭᠤᠯᠪᠠ᠃       12 ᠰᠠᠷ᠎ᠠ ᠶᠢᠨ 3 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠭᠦᠯᠬᠦ ᠲᠤᠰᠬᠠᠢ ᠠᠵᠢᠯ ᠤᠨ ᠬᠤᠷᠠᠯ ᠬᠤᠷᠠᠯᠳᠤᠭᠤᠯᠪᠠ᠃ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号