ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ | ᠴᠢᠨᠠᠷ ᠰᠠᠶᠢᠲᠠᠢ ᠬᠥᠭᠵᠢᠭᠦᠯᠦᠭᠰᠡᠨ ᠰᠠᠭᠤᠷᠢᠨ ᠳᠡᠭᠡᠷ᠎ᠡ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ | ᠦᠬᠡᠷ ᠤᠨ ᠮᠢᠬ᠎ᠠ ᠪᠣᠯᠪᠠᠰᠤᠷᠠᠭᠤᠯᠬᠤ ᠲᠠᠯ᠎ᠠ ᠪᠠᠷ ᠶᠡᠬᠡᠬᠡᠨ ᠬᠦᠴᠦ ᠣᠷᠣᠭᠤᠯᠤᠭᠰᠠᠨ ᠪᠠᠶᠢᠨ᠎ᠠ᠃ ᠬᠤᠷᠴᠢᠨ | ᠲᠣᠭᠤᠷᠢᠭ ᠤᠨ ᠠᠯᠠᠰᠢᠨ ᠦᠬᠡᠷ ᠤᠨ ᠠᠵᠤ ᠦᠢᠯᠡᠰ ᠤᠨ ᠬᠦᠷᠢᠶᠡᠯᠡᠩ ᠨᠢ ᠪᠣᠬᠢᠷᠲᠤᠯ ᠦᠭᠡᠢ ᠢᠳᠡᠭᠡᠨ ᠡᠳ᠋ᠰᠢᠭᠦᠯᠬᠦ | ᠬᠦᠷᠢᠶᠡᠯᠡᠩ ᠲᠣᠭᠤᠷᠢᠭ ᠲᠤ ᠲᠦᠰᠢᠭᠯᠡᠨ᠂ ᠠᠯᠠᠰᠢᠨ ᠦᠬᠡᠷ ᠢ ᠨᠠᠷᠢᠯᠢᠭ ᠡᠳ᠋ᠰᠢᠭᠦᠯᠬᠦ᠂ ᠪᠦᠲᠦᠭᠡᠭᠳᠡᠬᠦᠨ ᠢ | ᠰᠤᠳᠤᠯᠤᠨ ᠨᠡᠭᠡᠭᠡᠬᠦ ᠶᠢ ᠶᠡᠬᠡᠪᠡᠷ ᠬᠥᠭᠵᠢᠭᠦᠯᠵᠦ᠂ ᠣᠲᠣ ᠵᠢᠦ ᠵᠢᠶᠠᠩ ᠦᠬᠡᠷ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ᠂ ᠥᠪᠥᠷ ᠮᠣᠩᠭᠤᠯ ᠤᠨ ᠮᠦ ᠰᠧ ᠹᠠᠩ ᠢᠳᠡᠭᠡᠨ ᠤ ᠬᠢᠵᠠᠭᠠᠷᠲᠤ ᠺᠣᠮᠫᠠᠨᠢ ᠵᠡᠷᠭᠡ 7 ᠠᠯᠠᠰᠢᠨ ᠦᠬᠡᠷ ᠢ | ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠲᠠᠢ᠃ ᠡᠭᠦᠨ ᠤ ᠬᠠᠮᠲᠤ᠂ ᠬᠤᠷᠴᠢᠨ ᠲᠣᠭᠤᠷᠢᠭ ᠤᠨ ᠬᠢᠨ | ᠬᠤᠳᠠᠯᠳᠤᠭᠠᠴᠢᠨ ᠤᠷᠢᠵᠤ᠂ ᠵᠢᠯ ᠳᠤ 10 ᠲᠦᠮᠡᠨ ᠠᠯᠠᠰᠢᠨ ᠦᠬᠡᠷ ᠠᠯᠠᠵᠤ ᠨᠢᠲᠤᠯᠬᠤ ᠠᠵᠤ ᠠᠬᠤᠶᠢᠯᠠᠯ ᠬᠤᠶᠠᠷ᠂ | 5 ᠲᠦᠮᠡᠨ ᠠᠯᠠᠰᠢᠨ ᠦᠬᠡᠷ ᠠᠯᠠᠵᠤ ᠨᠢᠲᠤᠯᠬᠤ ᠠᠵᠤ ᠠᠬᠤᠶᠢᠯᠠᠯ ᠢ ᠲᠠᠪᠤ ᠪᠦᠲᠦᠭᠡᠨ ᠪᠠᠶᠢᠭᠤᠯᠬᠤ ᠪᠠᠷ | ᠲᠥᠯᠥᠪᠯᠡᠵᠦ᠂ ᠠᠯᠠᠵᠤ ᠨᠢᠲᠤᠯᠵᠤ ᠡᠳ᠋ᠰᠢᠭᠦᠯᠬᠦ ᠦᠢᠯᠡᠳᠪᠦᠷᠢᠯᠡᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ | ᠵᠠᠬ᠎ᠠ ᠳᠡᠯᠭᠡᠭᠦᠷ ᠤᠨ ᠪᠦᠷᠬᠦᠴᠡ ᠶᠢ ᠥᠷᠭᠡᠳᠬᠡᠨ᠂ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠨ᠎ᠠ᠃ |