ᠡᠨᠡ ᠵᠢᠯ᠂ ᠬᠤᠷᠴᠢᠨ ᠲᠣᠭᠤᠷᠢᠭ ᠤᠨ ᠬᠢᠨ ᠲᠠᠷᠢᠶᠠᠨ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢ | ᠴᠢᠩᠭ᠎ᠠ ᠠᠳᠬᠤᠨ ᠪᠣᠳᠠᠲᠠᠢ ᠠᠳᠬᠤᠵᠤ᠂ ᠲᠠᠷᠢᠶᠠᠨ ᠭᠠᠵᠠᠷ ᠢ ᠨᠠᠷᠢᠨ ᠨᠢᠮᠪᠠᠢ ᠬᠠᠮᠠᠭᠠᠯᠠᠬᠤ ᠬᠠᠮᠢᠶ᠎ᠠ ᠪᠦᠬᠦᠢ | ᠳᠦᠷᠢᠮ ᠢ ᠨᠠᠶᠢᠳᠠᠪᠤᠷᠢᠵᠢᠭᠤᠯᠤᠨ᠂ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠠᠯᠳᠠ ᠬᠡᠮ ᠢ | ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠠᠷᠢᠯᠭᠠᠨ᠎ᠠ᠃ ᠡᠭᠦᠨ ᠤ ᠵᠡᠷᠭᠡ ᠳᠤ᠂ ᠲᠠᠷᠢᠶᠠᠨ ᠭᠠᠵᠠᠷ ᠤᠨ | ᠳᠠᠷᠤᠭ᠎ᠠ ᠶᠢᠨ ᠳᠦᠷᠢᠮ ᠤᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠪᠠᠶᠢᠩᠭᠤᠵᠢᠭᠤᠯᠵᠤ᠂ ᠣᠯᠠᠨ | ᠲᠦᠮᠡᠨ ᠤ ᠲᠤᠰᠬᠠᠯ ᠶᠡᠬᠡᠲᠡᠢ ᠲᠠᠷᠢᠶᠠᠨ ᠭᠠᠵᠠᠷ ᠤᠨ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠲᠠᠷᠢᠶᠠᠨ | ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠦᠨ᠎ᠡ᠃ | |