ᠬᠤᠷᠴᠢᠨ ᠲᠣᠭᠤᠷᠢᠭ᠄ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠦᠨ᠎ᠡ
ᠨᠡᠶᠢᠲᠡᠯᠡᠭᠰᠡᠨ ᠴᠠᠭ᠄
2023/2/22
   2022 ᠣᠨ ᠳᠤ᠂ ᠬᠤᠷᠴᠢᠨ ᠲᠣᠭᠤᠷᠢᠭ ᠤᠨ ᠬᠢᠨ ︽ᠬᠤᠷᠴᠢᠨ ᠲᠣᠭᠤᠷᠢᠭ ᠤᠨ 2022 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ ᠪᠦᠯᠦᠭᠯᠡᠨ ᠬᠥᠭᠵᠢᠭᠦᠯᠬᠦ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠵᠠᠷᠴᠢᠮ ᠶᠣᠰᠣᠭᠠᠷ᠂ ᠡᠷᠳᠡᠨᠢ ᠰᠢᠰᠢ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠳᠡᠭᠡᠳᠦ ᠲᠡᠰ ᠤᠨ ᠲᠣᠨᠣᠭᠯᠠᠯ ᠦᠢᠯᠡᠳᠬᠦ ᠵᠡᠷᠭᠡ ᠭᠤᠣᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠴᠢᠮ ᠢᠶᠠᠷ ᠶᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠰᠢᠨ᠎ᠡ ᠬᠠᠭᠤᠴᠢᠨ ᠬᠥᠳᠡᠯᠭᠡᠭᠦ ᠬᠦᠴᠦᠨ ᠤ ᠰᠣᠯᠢᠭᠳᠠᠯ ᠤᠨ ᠳᠠᠶᠢᠴᠢᠯᠠᠬᠤ ᠬᠦᠴᠦᠨ ᠢᠶᠠᠷ ᠴᠢᠩᠭ᠎ᠠ᠂ ᠨᠥᠯᠥᠭᠡᠯᠡᠨ ᠳᠠᠶᠢᠴᠢᠯᠠᠬᠤ ᠦᠢᠯᠡᠳᠦᠯ ᠢᠶᠠᠷ ᠢᠯᠡᠷᠬᠡᠢ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠰᠡᠳᠬᠢᠴᠡ ᠶᠢ ᠴᠣᠭᠴᠠᠯᠠᠨ ᠪᠠᠶᠢᠭᠤᠯᠬᠤ ᠪᠠᠷ ᠲᠣᠭᠲᠠᠪᠠ᠃2022 ᠣᠨ ᠳᠤ᠂ ᠬᠤᠷᠴᠢᠨ ᠲᠣᠭᠤᠷᠢᠭ ᠤᠨ ᠭᠠᠳᠠᠭᠰᠢ ᠲᠣᠮᠢᠯᠠᠭᠰᠠᠨ 5 ᠬᠤᠳᠠᠯᠳᠤᠭᠠᠴᠢᠨ ᠤᠷᠢᠬᠤ ᠳᠤᠭᠤᠶᠢᠯᠠᠩ᠂ 75 ᠬᠤᠳᠠᠯᠳᠤᠭᠠᠴᠢᠨ ᠤᠷᠢᠬᠤ ᠪᠠᠭ᠎ᠠ ᠠᠩᠭᠢ ᠨᠡᠶᠢᠲᠡ 469 ᠠᠵᠤ ᠠᠬᠤᠶᠢᠯᠠᠯ ᠲᠠᠢ ᠵᠣᠯᠭᠠᠯᠳᠤᠪᠠ᠃ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠦᠯᠬᠦᠮ ᠳᠠᠭᠠᠭᠤᠯᠤᠨ ᠭᠠᠳᠠᠭᠰᠢ ᠭᠠᠷᠴᠤ 17 ᠤᠳᠠᠭ᠎ᠠ ᠬᠤᠳᠠᠯᠳᠤᠭᠠᠴᠢᠨ ᠤᠷᠢᠵᠤ᠂ 58 ᠠᠵᠤ ᠠᠬᠤᠶᠢᠯᠠᠯ ᠲᠠᠢ ᠵᠣᠯᠭᠠᠭᠤᠯᠵᠤ᠂ 68 ᠲᠥᠷᠥᠯ ᠵᠦᠢᠯ ᠳᠤ ᠭᠡᠷ᠎ᠡ ᠲᠣᠭᠲᠠᠵᠤ᠂ 49 ᠲᠥᠷᠥᠯ ᠵᠦᠢᠯ ᠢ ᠠᠵᠢᠯ ᠡᠬᠢᠯᠡᠭᠦᠯᠦᠨ᠂ 78.16 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠪᠠ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号