ᠬᠤᠷᠴᠢᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ︽ᠣᠶᠢᠷ᠎ᠠ ᠬᠠᠪᠢ ᠳᠤᠨᠢ ᠭᠦᠢᠴᠡᠳᠬᠡᠬᠦ︾ ᠪᠣᠰᠤᠭ᠎ᠠ ᠴᠣᠭᠴᠠᠲᠤ ᠦᠢᠯᠡᠴᠢᠯᠡᠭᠡᠨ ᠤ ᠲᠣᠣᠷ ᠢ ᠨᠢᠭᠲᠠ ᠰᠦᠯᠵᠢᠨ᠎ᠡ
ᠨᠡᠶᠢᠲᠡᠯᠡᠭᠰᠡᠨ ᠴᠠᠭ᠄
2023/2/23
     ᠡᠨᠡ ᠵᠢᠯ᠂ ᠬᠤᠷᠴᠢᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ︽ᠣᠶᠢᠷ᠎ᠠ ᠬᠠᠪᠢ ᠳᠤᠨᠢ ᠭᠦᠢᠴᠡᠳᠬᠡᠬᠦ︾  ᠦᠢᠯᠡᠴᠢᠯᠡᠭᠡᠨ ᠤ ᠰᠢᠰᠲ᠋ᠧᠮ ᠢ ᠡᠯ᠎ᠡ ᠨᠡᠶᠢᠭᠡᠮ ᠲᠣᠭᠤᠷᠢᠭ᠂ ᠪᠠᠩᠬᠢ ᠪᠠ ᠰᠤᠮᠤ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠠᠢ ᠬᠤᠯᠪᠣᠯᠳᠤᠭᠤᠯᠤᠨ ᠨᠡᠪᠲᠡᠷᠡᠯᠴᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠢᠭᠡ ᠪᠦᠯᠦᠭ ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠯᠠᠩᠭᠦᠢ ᠶᠢᠨ ᠳᠦᠷᠢᠮ︾ ᠤᠨ ᠲᠤᠷᠰᠢᠯᠲᠠ ᠶᠢᠨ ᠦᠢᠯᠡᠴᠢᠯᠡᠭᠡᠨ ᠤ ᠴᠣᠩᠬᠤ ᠪᠠ ︽ᠨᠡᠶᠢᠭᠡᠮ ᠤᠨ ᠪᠠᠩᠬᠢ ᠶᠢ ᠨᠢᠭᠡ ᠴᠣᠭᠴᠠᠵᠢᠭᠤᠯᠬᠤ︾ ᠦᠢᠯᠡᠴᠢᠯᠡᠭᠡᠨ ᠤ ᠲᠣᠣᠷ ᠴᠡᠭ ᠢ ᠨᠠᠷᠢᠯᠢᠭ ᠪᠣᠶ ᠪᠣᠯᠭᠠᠪᠠ᠃ᠣᠳᠣᠬᠠᠨ ᠳᠤ᠂ 86 ᠬᠤᠪᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ  ᠵᠦᠢᠯᠡᠰ ᠨᠢᠭᠡᠨᠲᠡ 104 ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ 10 ᠰᠤᠮᠤ ᠪᠠᠯᠭᠠᠰᠤ ᠪᠠ 6 ᠪᠠᠩᠬᠢ ᠶᠢᠨ ᠲᠣᠣᠷ ᠴᠡᠭ ᠲᠤ ᠬᠦᠷᠲᠡᠯ᠎ᠡ ᠦᠷᠭᠦᠯᠵᠢᠯᠡᠪᠡ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号