ᠬᠤᠷᠴᠢᠨ ᠲᠣᠭᠤᠷᠢᠭ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠺᠣᠮᠢᠰ ᠤᠨ ᠪᠦᠷᠢᠯᠳᠦᠭᠦᠨ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/2/28
ᠡᠯ᠎ᠡ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠪᠠ ᠬᠤᠯᠪᠣᠭᠳᠠᠯ ᠪᠦᠬᠦᠢ ᠠᠷᠠᠳ ᠤᠨ ᠪᠦᠯᠬᠦᠮ ᠳᠤ᠄       ᠮᠠᠨ ᠤ ᠲᠣᠭᠤᠷᠢᠭ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠲᠣᠭᠤᠷᠢᠭ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠺᠣᠮᠢᠰ ᠠᠴᠠ ᠮᠠᠨ ᠤ ᠲᠣᠭᠤᠷᠢᠭ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠺᠣᠮᠢᠰ ᠤᠨ ᠪᠦᠷᠢᠯᠳᠦᠭᠦᠨ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠬᠦ ᠪᠠᠷ ᠰᠤᠳᠤᠯᠤᠨ ᠲᠣᠭᠲᠠᠭᠠᠪᠠ᠃ ᠡᠳᠦᠭᠡ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠪᠦᠷᠢᠯᠳᠦᠭᠦᠨ       ᠡᠷᠬᠢᠯᠡᠭᠴᠢ ᠄      ᠶᠠᠩ ᠰᠢᠸ ᠶᠤᠸᠠᠨ    ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ       ᠳᠡᠳ᠋ ᠡᠷᠬᠢᠯᠡᠭᠴᠢ᠄  ᠯᠢ ᠠᠢ ᠵᠢᠶᠦ᠋ᠨ     ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ       ᠭᠡᠰᠢᠭᠦᠨ ᠄       ᠹᠦ᠋ ᠵᠧᠩ ᠬᠤᠸᠠ    ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ                       ᠱᠤᠤ ᠬᠠᠢ ᠴᠢᠩ     ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ                       ᠱᠠᠨ ᠬᠤᠸᠠ ᠴᠢ     ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠺᠣᠮᠢᠰᠰᠠᠷ                       ᠢᠦᠢ ᠯᠢ ᠬᠤᠢ       ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ                       ᠴᠧᠨ ᠬᠤᠩ ᠮᠢᠩ     ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ                       ᠴᠢᠨ        ᠯᠢᠩ    ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ                      ᠫᠧᠩ       ᠴᠧᠩ    ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ                       ᠰᠦᠩ      ᠶᠠᠨ      ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ                       ᠶᠣᠣ  ᠯᠢ  ᠭᠥᠸᠧ     ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ                       ᠵᠧᠦ ᠭᠤᠸᠠᠩ  ᠽᠧ    ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ                       ᠲᠢᠶᠠᠨ ᠮᠣᠣ ᠺᠦᠨ    ᠲᠣᠭᠤᠷᠢᠭ ᠤᠨ ᠰᠣᠶᠣᠯ ᠵᠤᠭᠠᠴᠠᠯ ᠤᠨ ᠲᠣᠪᠴᠢᠶᠠᠨ ᠤ ᠳᠠᠷᠤᠭ᠎ᠠ                      ᠰᠦᠨ ᠭᠤᠸᠠᠩ ᠴᠦᠨ   ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶᠠᠨ ᠤ ᠳᠠᠷᠤᠭ᠎ᠠ                       ᠸᠠᠩ ᠵᠢᠢ ᠵᠧᠩ       ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ                        ᠵᠠᠢ      ᠢᠦᠢ    ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ                        ᠳ᠋ᠦ᠋ ᠯᠢ ᠰᠢᠤᠸᠠᠨ    ᠲᠣᠭᠤᠷᠢᠭ ᠤᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ                        ᠯᠦ ᠲᠢᠩ ᠴᠢᠤᠸᠠᠨ    ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠱᠦᠵᠢ ᠂ ᠳᠡᠳ᠋ ᠲᠡᠷᠢᠭᠦᠯᠡᠭᠴᠢ                        ᠸᠠᠩ   ᠯᠦ   ᠯᠦ     ᠡᠪᠯᠡᠯ ᠤᠨ ᠲᠣᠭᠤᠷᠢᠭ ᠤᠨ ᠬᠤᠷᠢᠶᠠᠨ ᠤ ᠳᠡᠳ᠋ ᠱᠦᠵᠢ                        ᠵᠠᠩ ᠰᠢᠤᠸᠠᠢ ᠯᠢᠶᠠᠨ    ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ                        ᠯᠢ  ᠴᠦᠨ  ᠯᠦᠩ     ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠱᠦᠵᠢ                        ᠵᠠᠩ ᠰᠢᠤᠸᠠᠢ ᠬᠤᠸᠠᠨ   ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ                        ᠱᠤᠤ  ᠬᠠᠢ  ᠯᠦᠩ    ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ       ᠺᠣᠮᠢᠰ ᠤᠨ ᠠᠯᠪᠠᠨ ᠭᠡᠷ ᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠺᠣᠮᠢᠰ ᠲᠤ ᠲᠣᠬᠢᠷᠠᠭᠤᠯᠤᠨ᠎ᠠ᠂ ᠠᠯᠪᠠᠨ ᠭᠡᠷ ᠤᠨ ᠡᠷᠬᠢᠯᠡᠭᠴᠢ᠄ ᠱᠤᠤ ᠬᠠᠢ ᠯᠦᠩ᠃       ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ      ︵ᠨᠢᠭᠡ︶ ᠰᠠᠯᠠᠭ᠎ᠠ ᠮᠥᠴᠢᠷ ᠤᠨ ᠬᠠᠮᠲᠤ ᠶᠢᠨ ᠡᠭᠦᠷᠭᠡ ᠬᠠᠷᠢᠭᠤᠴᠠᠯᠭ᠎ᠠ      ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠶᠡᠭᠡ ᠴᠢᠭᠯᠡᠯᠲᠡ᠂ ᠲᠦᠷᠦ ᠶᠢᠨ ᠪᠣᠳᠣᠯᠭ᠎ᠠ ᠪᠠ ᠲᠥᠯᠦᠪᠵᠢᠭᠦᠯᠭᠡ ᠶᠢ ᠰᠤᠳᠤᠯᠤᠨ ᠲᠣᠭᠲᠠᠭᠠᠬᠤ ᠳᠤ ᠣᠷᠣᠯᠴᠠᠨ᠎ᠠ; ᠪᠥᠬᠦ ᠲᠣᠭᠤᠷᠢᠭ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠲᠤᠰ ᠰᠢᠰᠲ᠋ᠧᠮ ‍ᠦᠨ‌ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠲᠥᠯᠦᠪᠵᠢᠭᠦᠯᠭᠡ᠂ ᠬᠢᠨᠠᠯᠲᠠ ᠲᠠᠯᠪᠢᠵᠤ ᠦᠨᠡᠯᠡᠨ ᠵᠢᠱᠢᠬᠦ ᠲᠥᠰᠥᠯ ᠪᠠ ᠲᠤᠰ ᠰᠠᠯᠠᠭ᠎ᠠ ᠮᠥᠴᠢᠷ ᠤᠨ ᠢᠶᠠᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠵᠢᠯ ᠤᠨ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ; ᠲᠣᠰ ᠰᠢᠰᠲ᠋ᠧᠮ ᠤᠨ ᠠᠵᠢᠯᠲᠠᠨ ᠠᠵᠢᠯᠴᠢᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠬᠤᠯᠪᠣᠭᠳᠠᠯ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠥᠷᠨᠢᠭᠦᠯᠬᠦ ᠶᠢ ᠵᠢᠯᠣᠭᠤᠳᠤᠨ ᠳᠡᠮᠵᠢᠨ᠎ᠡ; ᠪᠥᠬᠦ ᠲᠣᠭᠤᠷᠢᠭ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠪᠠᠶᠢᠴᠠᠭᠠᠨ ᠰᠤᠳᠤᠯᠬᠤ ᠪᠠ ᠬᠢᠨᠠᠨ ᠵᠢᠯᠤᠭᠤᠳᠬᠤ ᠳᠤ ᠣᠷᠣᠯᠴᠠᠨ᠎ᠠ︔ ᠲᠣᠭᠤᠷᠢᠭ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠺᠣᠮᠢᠰ ᠤᠨ ᠵᠥᠪᠯᠡᠨ ᠲᠣᠭᠲᠠᠭᠠᠭᠰᠠᠨ ᠪᠤᠰᠤᠳ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃       ︵ᠬᠤᠶᠠᠷ︶ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ       1. ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠃ ᠪᠦᠬᠦ ᠲᠣᠭᠤᠷᠢᠭ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠬᠥᠮᠦᠵᠢᠯ ᠤᠨ ᠬᠤᠯᠪᠣᠭᠳᠠᠯ ᠪᠦᠬᠦᠢ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠨ᠎ᠠ᠃ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠰᠠᠯᠠᠭ᠎ᠠ ᠮᠥᠴᠢᠷ ᠢ ᠵᠣᠬᠢᠴᠠᠭᠤᠯᠤᠨ ᠵᠢᠯᠤᠭᠤᠳᠴᠤ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠢ ᠠᠰᠢᠭᠯᠠᠨ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠣᠯᠠᠨ ᠵᠦᠢᠯ ᠤᠨ ᠬᠡᠯᠪᠡᠷᠢ ᠮᠠᠶ᠋ᠢᠭ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠬᠥᠮᠦᠵᠢᠯ ᠢ ᠥᠷᠨᠢᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠲᠣᠭᠤᠷᠢᠭ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠬᠡᠷᠡᠭᠲᠡᠢ᠃       2 . ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠃ ᠪᠦᠬᠦ ᠲᠣᠭᠤᠷᠢᠭ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠲᠥᠯᠦᠪᠵᠢᠭᠦᠯᠭᠡ ᠲᠣᠭᠲᠠᠭᠠᠬᠤ ᠳᠤ ᠣᠷᠣᠯᠴᠠᠬᠤ ᠶᠢᠨ ᠬᠠᠮᠲᠤ ᠲᠡᠭᠦᠨ ᠢ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠬᠤ ᠶᠢ ᠬᠠᠷᠢᠭᠤᠴᠠᠨ᠎ᠠ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠭᠠᠵᠠᠷ ᠣᠷᠣᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠲᠥᠷᠥᠯ ᠵᠦᠢᠯ ᠳᠤ ᠳᠡᠮᠵᠢᠯᠭᠡ ᠦᠵᠡᠭᠦᠯᠦᠨ᠎ᠡ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠪᠠ ᠡᠮᠨᠡᠨ ᠵᠠᠰᠠᠬᠤ ᠡᠮ ᠤᠨ ᠦᠢᠯᠡᠳᠪᠦᠷᠢᠯᠡᠯ ᠢ ᠳᠡᠮᠵᠢᠨ ᠵᠣᠷᠢᠭᠵᠢᠭᠤᠯᠵᠤ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠡᠮ ᠤᠨ ᠬᠠᠩᠭᠠᠯᠭ᠎ᠠ ᠶᠢ ᠪᠠᠲᠤᠯᠠᠨ᠎ᠠ᠃       3 . ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠃ ᠪᠥᠬᠦ ᠲᠣᠭᠤᠷᠢᠭ ᠤᠨ ᠡᠯ᠎ᠡ ᠲᠥᠷᠥᠯ ᠤᠨ ᠠᠵᠢᠯ ᠮᠡᠷᠭᠡᠵᠢᠯ ᠤᠨ ᠰᠤᠷᠭᠠᠭᠤᠯᠢ᠂ ᠡᠩ ᠤᠨ ᠳᠤᠮᠳᠠᠳᠤ ᠰᠤᠷᠭᠠᠭᠤᠯᠢ ᠳᠤ ᠠᠶᠢᠽ ᠡᠪᠡᠳᠴᠢᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠥᠷᠨᠢᠭᠦᠯᠬᠦ ᠶᠢ ᠬᠠᠷᠢᠭᠤᠴᠠᠬᠤ ᠶᠢᠨ ᠬᠠᠮᠲᠤ ᠰᠤᠷᠭᠠᠭᠤᠯᠢ ᠶᠢᠨ ᠵᠢᠭᠠᠨ ᠰᠤᠷᠭᠠᠬᠤ ᠲᠥᠯᠥᠪᠯᠡᠭᠡ ᠳᠤ ᠣᠷᠣᠭᠤᠯᠵᠤ᠂ ᠵᠣᠬᠢᠬᠤ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠠᠶᠢᠽ ᠡᠪᠡᠳᠴᠢᠲᠡᠨ ᠤ ᠥᠨᠥᠴᠢᠨ ᠬᠡᠦᠬᠡᠳ ᠵᠢᠴᠢ ᠠᠶᠢᠽ ᠡᠪᠡᠳᠴᠢᠨ ᠤ ᠸᠢᠷᠦ᠋ᠰ ᠬᠠᠯᠳᠠᠪᠤᠷᠢᠯᠠᠭᠰᠠᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠳᠤ ᠣᠷᠣᠬᠤ ᠶᠢ ᠠᠬᠢᠭᠤᠯᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠰᠢᠪᠠᠳᠠᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠠᠶᠢᠽ ᠡᠪᠡᠳᠴᠢᠨ ᠲᠠᠢ ᠡᠪᠡᠳᠴᠢᠲᠡᠨ ᠤ ᠥᠨᠥᠴᠢᠨ ᠬᠡᠦᠬᠡᠳ ᠪᠠ ᠠᠶᠢᠽ ᠡᠪᠡᠳᠴᠢᠨ ᠤ ᠸᠢᠷᠦ᠋ᠰ ᠬᠠᠯᠳᠠᠪᠤᠷᠢᠯᠠᠭᠰᠠᠨ ᠨᠠᠰᠤᠨ ᠳᠤ ᠦᠯᠦ ᠬᠦᠷᠦᠭᠰᠡᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠥᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ᠂ ᠬᠤᠳᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠯᠠ ᠰᠦᠢᠳᠬᠡᠯ ᠪᠠ ᠨᠣᠮ ᠪᠢᠴᠢᠭ ᠤᠨ ᠰᠦᠢᠳᠬᠡᠯ ᠢ ᠬᠡᠯᠲᠦᠷᠢᠭᠦᠯᠬᠦ ᠵᠡᠷᠭᠡ ᠲᠦᠷᠦ ᠶᠢᠨ ᠪᠣᠳᠣᠯᠭ᠎ᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠢᠽ ᠡᠪᠡᠳᠴᠢᠨ ᠠᠴᠠ ᠪᠣᠯᠵᠤ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ ᠦᠷ᠎ᠡ ᠬᠡᠦᠬᠡᠳ ᠤᠨ ᠡᠩ ‍ᠦᠨ‌ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠬᠤ ᠶᠢ ᠠᠪᠤᠷᠠᠨ ᠲᠤᠰᠠᠯᠠᠬᠤ᠂ ᠬᠠᠰᠤᠵᠤ ᠬᠡᠯᠲᠦᠷᠢᠭᠦᠯᠬᠦ ᠲᠦᠷᠦ ᠶᠢᠨ ᠪᠣᠳᠣᠯᠭ᠎ᠠ ᠶᠢ ᠲᠣᠭᠲᠠᠭᠠᠨ ᠨᠠᠶᠢᠳᠠᠪᠤᠷᠢᠵᠢᠭᠤᠯᠬᠤ ᠬᠡᠷᠡᠭᠲᠡᠢ᠃       4 . ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠃  ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠠᠶᠢᠽ ᠡᠪᠡᠳᠴᠢᠨ ᠤ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠳᠡᠮᠵᠢᠬᠦ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠶᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠤᠨ ᠲᠥᠯᠥᠪᠯᠡᠭᠡ ᠳᠤ ᠣᠷᠣᠭᠤᠯᠤᠨ᠎ᠠ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠡᠮ ᠤᠨ ᠵᠦᠢᠯ ᠵᠡᠷᠭᠡ ᠶᠢ ᠰᠤᠳᠤᠯᠤᠨ ᠨᠡᠭᠡᠭᠡᠬᠦ ᠠᠵᠢᠯ ᠥᠷᠨᠢᠭᠦᠯᠬᠦ ᠶᠢ ᠳᠡᠮᠵᠢᠨ᠎ᠡ᠃ ᠮᠣᠩᠭᠤᠯ᠂ ᠬᠢᠲᠠᠳ᠂ ᠡᠸᠦ᠋ᠷᠦᠫᠡ ᠡᠮᠨᠡᠯᠭᠡ ᠶᠢᠨ ᠠᠶᠢᠽ ᠡᠪᠡᠳᠴᠢᠨ ᠢ ᠡᠮᠨᠡᠨ ᠵᠠᠰᠠᠬᠤ ᠰᠢᠨ᠎ᠡ ᠮᠡᠷᠭᠡᠵᠢᠯ᠂ ᠰᠢᠨ᠎ᠡ ᠠᠷᠭ᠎ᠠ ᠶᠢ ᠰᠤᠳᠤᠯᠤᠨ ᠨᠡᠭᠡᠭᠡᠬᠦ ᠠᠵᠢᠯ ᠥᠷᠨᠢᠭᠦᠯᠬᠦ ᠶᠢ ᠳᠡᠮᠵᠢᠨ᠎ᠡ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ ᠪᠠ ᠰᠣᠯᠢᠯᠴᠠᠬᠤ ᠠᠵᠢᠯ ᠥᠷᠨᠢᠭᠦᠯᠬᠦ ᠶᠢ ᠳᠡᠮᠵᠢᠨ᠎ᠡ᠃     5 .ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠳᠤᠮᠳᠠᠬᠢ ᠦᠨᠳᠦᠰᠦᠲᠡᠨ ᠤ ᠬᠠᠷᠢᠴᠠᠭ᠎ᠠ ᠳᠤ ᠬᠤᠯᠪᠣᠭᠳᠠᠬᠤ ᠣᠨᠴᠠᠭᠠᠶ ᠬᠡᠷᠡᠭ ᠶᠠᠪᠤᠳᠠᠯ ᠢ ᠬᠠᠪᠰᠤᠷᠤᠨ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠢ ᠤᠬᠠᠭᠤᠯᠭ᠎ᠠ᠂ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ ᠥᠷᠨᠢᠭᠦᠯᠵᠦ᠂ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ ᠪᠠ ᠦᠨᠳᠦᠰᠦᠲᠡᠨ ᠤ ᠦᠭᠡ ᠬᠡᠯᠡᠨ ᠤ ᠤᠬᠠᠭᠤᠯᠭ᠎ᠠ ᠶᠢᠨ ᠮᠠᠲ᠋ᠧᠷᠢᠶᠠᠯ ᠢ ᠨᠡᠭᠡᠭᠡᠨ ᠬᠥᠭᠵᠢᠭᠦᠯᠦᠨ᠎ᠡ᠃ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ᠂ ᠠᠷᠭ᠎ᠠ ᠪᠣᠳᠣᠯᠭ᠎ᠠ ᠶᠢᠨ ᠠᠭᠤᠯᠭ᠎ᠠ ᠶᠢ ᠴᠥᠭᠡᠨ ᠲᠣᠭᠠᠲᠤ ᠦᠨᠳᠦᠰᠦᠲᠡᠨ ᠤ ᠺᠠᠳ᠋ᠷ ᠤᠨ ᠪᠣᠯᠪᠠᠰᠤᠷᠠᠭᠤᠯᠤᠯ ᠳᠤ ᠣᠷᠣᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠣᠨᠴᠠᠯᠢᠭ ᠲᠤ ᠲᠣᠬᠢᠷᠠᠭᠰᠠᠨ ᠠᠶᠢᠽ ᠡᠪᠡᠳᠴᠢᠨ ᠳᠤ ᠭᠠᠷ ᠲᠦᠷᠦᠭᠦ ᠠᠵᠢᠯᠯᠠᠭ᠎ᠠ ᠪᠠ ᠠᠷᠭ᠎ᠠ ᠪᠣᠳᠣᠯᠭ᠎ᠠ ᠶᠢ ᠬᠠᠶᠢᠨ ᠰᠦᠪᠡᠭᠴᠢᠯᠡᠨ᠎ᠡ᠃      6. ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠃ ᠶᠠᠩᠬᠠᠯᠠᠬᠤ ᠪᠠ ᠶᠠᠩᠬᠠᠨ ᠳᠤ ᠣᠷᠣᠬᠤ᠂ ᠬᠤᠣᠷᠠᠲᠤ ᠡᠳ᠋ ᠲᠠᠲᠠᠵᠤ ᠡᠳ᠋ᠯᠡᠬᠦ᠂ ᠬᠠᠤᠯᠢ ᠪᠤᠰᠤ ᠪᠠᠷ ᠴᠢᠰᠤ ᠶᠡᠭᠦᠯᠡᠵᠦ ᠬᠠᠩᠭᠠᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠳᠣᠲᠣᠭᠠᠳᠤ ᠶᠢ ᠬᠠᠮᠠᠭᠠᠯᠠᠬᠤ ᠬᠢᠨᠠᠨ ᠬᠠᠮᠢᠶᠠᠷᠬᠤ ᠲᠠᠯᠠᠪᠤᠷ ᠭᠠᠵᠠᠷ ᠤᠨ ᠬᠢᠨᠠᠨ ᠬᠠᠮᠢᠶᠠᠷᠤᠭᠳᠠᠵᠤ ᠪᠠᠶᠢᠭ᠎ᠠ ᠬᠥᠮᠥᠰ ᠲᠤ ᠬᠠᠤᠯᠢ ᠳᠦᠷᠢᠮ ᠤᠨ ᠤᠬᠠᠭᠤᠯᠭ᠎ᠠ ᠪᠠ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ ᠶᠢᠨ ᠬᠥᠮᠦᠵᠢᠯ ᠬᠢᠵᠦ᠂ ᠵᠣᠬᠢᠴᠠᠩᠭᠤᠢ ᠠᠷᠭ᠎ᠠ ᠬᠡᠮᠵᠢᠶ᠎ᠡ ᠠᠪᠴᠤ ᠪᠠᠶᠢᠭᠠᠳ ᠠᠶᠢᠽ ᠡᠪᠡᠳᠴᠢᠨ ᠤ ᠲᠠᠷᠬᠠᠯᠲᠠ ᠶᠢ ᠰᠡᠷᠭᠡᠶᠢᠯᠡᠨ ᠵᠠᠰᠠᠬᠤ ᠬᠡᠷᠡᠭᠲᠡᠢ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ᠂ ᠠᠵᠢᠯ ᠮᠡᠷᠭᠡᠵᠢᠯ ᠤᠨ ᠢᠯᠡᠷᠡᠯ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠵᠡᠷᠭᠡ ᠬᠠᠮᠢᠶ᠎ᠠ ᠪᠦᠬᠦᠢ ᠮᠡᠳᠡᠯᠭᠡ ᠶᠢ ᠳᠣᠲᠣᠭᠠᠳᠤ ᠶᠢ ᠬᠠᠮᠠᠭᠠᠯᠠᠬᠤ ᠬᠢᠨᠠᠨ ᠬᠠᠮᠢᠶᠠᠷᠤᠯᠲᠠ ᠶᠢᠨ ᠠᠷᠠᠳ ᠤᠨ ᠴᠠᠭᠳᠠᠭ᠎ᠠ ᠪᠠ ᠡᠮᠨᠡᠯᠭᠡ ᠶᠢᠨ ᠠᠵᠢᠯᠲᠠᠨ ᠵᠢᠴᠢ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ᠂ ᠬᠤᠣᠷ ᠴᠠᠭᠠᠵᠠᠯᠠᠬᠤ ᠵᠡᠷᠭᠡ ᠠᠷᠠᠳ ᠤᠨ ᠴᠠᠭᠳᠠᠭ᠎ᠠ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ ᠠᠭᠤᠯᠭ᠎ᠠ ᠳᠤ ᠣᠷᠣᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠠᠶᠢᠽ ᠡᠪᠡᠳᠴᠢᠨ ᠤ ᠸᠢᠷᠦ᠋ᠰ ᠤᠨ ᠡᠰᠡᠷᠭᠦᠴᠡᠭᠴᠢ ᠶᠢ ᠪᠠᠶᠢᠴᠠᠭᠠᠬᠤ ᠠᠵᠢᠯ ᠢ ᠰᠢᠨ᠎ᠡ ᠪᠠᠷ ᠣᠷᠣᠭᠤᠯᠤᠭᠰᠠᠨ ᠬᠤᠣᠷᠲᠤ ᠡᠳ᠋ ᠤᠨ ᠲᠠᠷᠢᠯᠭ᠎ᠠ ᠬᠢᠬᠦ᠂ ᠶᠠᠩᠬᠠᠯᠠᠬᠤ᠂ ᠶᠠᠩᠬᠠᠨ ᠳᠤ ᠣᠷᠣᠬᠤ ᠵᠢᠴᠢ ᠠᠶᠢᠽ ᠡᠪᠡᠳᠴᠢᠨ ᠳᠤ ᠬᠠᠯᠳᠠᠪᠤᠷᠢᠯᠠᠬᠤ ᠠᠶᠤᠯᠲᠠᠢ ᠪᠤᠰᠤᠳ ᠦᠢᠯᠡ ᠠᠵᠢᠯᠯᠠᠭ᠎ᠠ ᠲᠠᠢ ᠬᠥᠮᠥᠰ ᠤᠨ ᠪᠠᠶᠢᠩᠭᠤ ᠶᠢᠨ ᠪᠠᠶᠢᠴᠠᠭᠠᠯᠲᠠ ᠶᠢᠨ ᠠᠭᠤᠯᠭ᠎ᠠ ᠳᠤ ᠣᠷᠣᠭᠤᠯᠵᠤ᠂ ᠲᠣᠭᠲᠠᠭᠠᠯ ᠶᠣᠰᠣᠭᠠᠷ ᠠᠶᠢᠽ ᠡᠪᠡᠳᠴᠢᠨ ᠢ ᠪᠠᠶᠢᠴᠠᠭᠠᠨ ᠰᠢᠯᠭᠠᠬᠤ ᠪᠠ ᠮᠡᠳᠡᠭᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠩᠭᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠵᠢᠯᠴᠠᠨ᠂ ᠳᠣᠲᠣᠭᠠᠳᠤ ᠶᠢ ᠬᠠᠮᠠᠭᠠᠯᠠᠬᠤ ᠬᠢᠨᠠᠨ ᠬᠠᠮᠢᠶᠠᠷᠬᠤ ᠲᠠᠯᠠᠪᠤᠷ ᠤᠨ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠳ ᠪᠠ ᠡᠪᠡᠳᠴᠢᠲᠡᠨ ᠳᠤ ᠠᠨᠠᠭᠠᠬᠤ ᠤᠬᠠᠭᠠᠨ ᠤ ᠬᠠᠮᠢᠶᠠᠷᠤᠯᠲᠠ ᠬᠢᠵᠦ᠂ ᠠᠶᠢᠽ ᠡᠪᠡᠳᠴᠢᠨ ᠲᠠᠢ ᠡᠪᠡᠳᠴᠢᠲᠡᠨ ᠢ ᠡᠮᠨᠡᠨ ᠵᠠᠰᠠᠵᠤ᠂ ᠰᠠᠶᠢᠵᠢᠷᠠᠭᠤᠯᠬᠤ ᠪᠠ ᠲᠠᠨᠢᠯᠴᠠᠭᠤᠯᠬᠤ ᠠᠵᠢᠯ ᠢ ᠬᠢᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠬᠠᠷ᠎ᠠ ᠲᠠᠮᠠᠬᠢ ᠶᠢᠨ ᠲᠥᠷᠥᠯ ᠤᠨ ᠪᠣᠳᠠᠰ ᠢ ᠳᠤᠷ᠎ᠠ ᠪᠠᠷ ᠢᠶᠠᠨ ᠬᠡᠷᠡᠭᠯᠡᠵᠦ ᠰᠢᠨᠤᠯ ᠲᠠᠢ ᠪᠣᠯᠣᠭᠰᠠᠳ ᠤᠨ ᠡᠮ ᠢ ᠬᠡᠪ ᠢᠶᠠᠷ ᠪᠠᠶᠢᠯᠭᠠᠬᠤ ᠪᠠ ᠪᠤᠰᠤᠳ ᠬᠤᠣᠷ ᠲᠠᠲᠠᠬᠤ ᠬᠥᠮᠥᠰ ᠲᠤ ᠴᠢᠭᠯᠡᠭᠦᠯᠦᠭᠰᠡᠨ ᠭᠠᠷ ᠲᠦᠷᠦᠭᠦ ᠠᠵᠢᠯ ᠢ ᠬᠠᠮᠲᠤ ᠪᠠᠷ ᠰᠠᠶᠢᠲᠤᠷ ᠬᠢᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠣᠯᠠᠨ ᠨᠡᠶᠢᠲᠡ ᠶᠢᠨ ᠲᠠᠯᠠᠪᠤᠷ ᠲᠤ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠪᠠ ᠭᠠᠷ ᠲᠦᠷᠦᠭᠦ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠢᠽ ᠡᠪᠡᠳᠴᠢᠨ ᠢ ᠵᠣᠷᠢᠭᠤᠳᠠ ᠲᠠᠷᠬᠠᠭᠠᠭᠰᠠᠨ ᠪᠠ ᠬᠠᠯᠳᠠᠪᠤᠷᠢᠯᠠᠭᠴᠢ ᠶᠢᠨ ᠪᠡᠶ᠎ᠡ ᠬᠡᠮ ᠢ ᠠᠰᠢᠭᠯᠠᠨ ᠬᠢᠭᠰᠡᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃       7. ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠃ ᠨᠥᠬᠦᠴᠡᠯ ᠳᠤ ᠨᠡᠶᠢᠴᠡᠬᠦ ᠠᠶᠢᠽ ᠡᠪᠡᠳᠴᠢᠨ ᠳᠤ ᠬᠠᠯᠳᠠᠪᠤᠷᠢᠯᠠᠭᠳᠠᠭᠰᠠᠳ ᠪᠠ ᠡᠪᠡᠳᠴᠢᠲᠡᠨ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠵᠤ᠂ ᠠᠶᠢᠽ ᠡᠪᠡᠳᠴᠢᠨ ᠠᠴᠠ ᠪᠣᠯᠵᠤ ᠶᠠᠳᠠᠭᠤᠷᠠᠭᠰᠠᠨ᠂ ᠨᠡᠶᠢᠭᠡᠮ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠠᠶᠢᠽ ᠡᠪᠡᠳᠴᠢᠨ ᠲᠠᠢ ᠡᠪᠡᠳᠴᠢᠲᠡᠨ ᠳᠤ ᠡᠮᠴᠢᠯᠡᠭᠡᠨ ᠤ ᠠᠪᠤᠷᠠᠨ ᠲᠤᠰᠠᠯᠠᠯᠲᠠ᠂ ᠠᠮᠢᠳᠤᠷᠠᠯ ᠤᠨ ᠠᠪᠤᠷᠠᠨ ᠲᠤᠰᠠᠯᠠᠯᠲᠠ ᠣᠯᠭᠤᠨ᠎ᠠ᠃ ᠠᠶᠢᠽ ᠡᠪᠡᠳᠴᠢᠨ ᠲᠠᠢ ᠡᠪᠡᠳᠴᠢᠲᠡᠨ ᠤ ᠥᠨᠥᠴᠢᠨ ᠬᠡᠦᠬᠡᠳ ᠲᠤ ᠠᠮᠢᠳᠤᠷᠠᠯ ᠤᠨ ᠲᠤᠰᠠᠯᠠᠮᠵᠢ ᠦᠵᠡᠭᠦᠯᠬᠦ ᠶᠢᠨ ᠬᠠᠮᠲᠤ ᠣᠷᠣᠨ ᠨᠤᠲᠤᠭ ᠢ ᠵᠢᠯᠣᠭᠤᠳᠤᠨ ᠲᠥᠪᠬᠢᠨᠡᠭᠦᠯᠬᠦ ᠠᠵᠢᠯ ᠢ ᠥᠷᠨᠢᠭᠦᠯᠵᠦ᠂ ᠠᠶᠢᠽ ᠡᠪᠡᠳᠴᠢᠨ ᠤ ᠥᠨᠥᠴᠢᠨ ᠬᠡᠦᠬᠡᠳ ᠤᠨ ᠮᠡᠳᠡᠭᠡ ᠵᠠᠩᠭᠢ ᠶᠢ ᠴᠤᠭᠯᠠᠭᠤᠯᠤᠨ ᠪᠦᠷᠢᠳᠬᠡᠬᠦ ᠠᠵᠢᠯ ᠢ ᠰᠠᠶᠢᠲᠤᠷ ᠬᠢᠨ᠎ᠡ᠃ ᠠᠶᠢᠽ ᠡᠪᠡᠳᠴᠢᠨ ᠠᠴᠠ ᠪᠣᠯᠤᠭᠰᠠᠨ ᠥᠨᠥᠴᠢᠨ ᠬᠡᠦᠬᠡᠳ ᠢ ᠪᠦᠬᠦᠨ ᠢ ᠥᠨᠥᠴᠢᠨ ᠬᠡᠦᠬᠡᠳ ᠤᠨ ᠪᠠᠲᠤᠯᠠᠭ᠎ᠠ ᠶᠢᠨ ᠳᠦᠷᠢᠮ ᠳᠤ ᠣᠷᠣᠭᠤᠯᠵᠤ᠂ ᠠᠶᠢᠽ ᠡᠪᠡᠳᠴᠢᠨ ᠤ ᠸᠢᠷᠦ᠋ᠰ ᠲᠤ ᠨᠡᠷᠪᠡᠭᠳᠡᠭᠰᠡᠨ ᠬᠡᠦᠬᠡᠳ ᠪᠤᠶᠤ ᠡᠪᠡᠳᠴᠢᠨ ᠲᠠᠢ ᠬᠡᠦᠬᠡᠳ ᠲᠤ ᠦᠨᠳᠦᠰᠦᠨ ᠠᠮᠢᠳᠤᠷᠠᠯ ᠤᠨ ᠵᠠᠷᠤᠳᠠᠯ ᠤᠨ ᠨᠥᠬᠦᠪᠦᠷᠢ ᠥᠭᠭᠦᠨ᠎ᠡ; ᠠᠶᠢᠽ ᠡᠪᠡᠳᠴᠢᠨ ᠳᠤ ᠨᠥᠯᠥᠭᠡᠯᠡᠭᠳᠡᠭᠰᠡᠨ ᠬᠡᠦᠬᠡᠳ ᠤᠨ ᠰᠡᠳᠬᠢᠴᠡ ᠶᠢᠨ ᠬᠠᠪᠰᠤᠷᠤᠨ ᠵᠢᠯᠤᠭᠤᠳᠬᠤ ᠠᠵᠢᠯ ᠢ ᠴᠢᠩᠭᠠᠳᠬᠠᠨ᠎ᠠ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠣᠷᠣᠭᠤᠯᠵᠤ᠂ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ᠠᠶᠢᠽ ᠡᠪᠡᠳᠴᠢᠨ ᠲᠠᠢ ᠥᠨᠥᠴᠢᠨ ᠬᠡᠦᠬᠡᠳ ᠲᠤ ᠰᠦᠢᠳᠬᠡᠯ ᠬᠤᠷᠢᠶᠠᠬᠤ ᠦᠭᠡᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠭᠡᠬᠦ ᠪᠠ ᠰᠤᠷᠬᠤ ᠨᠠᠰᠤᠨ ᠠᠴᠠ ᠡᠮᠦᠨᠡᠬᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠯᠪᠠᠨ ᠵᠢᠷᠤᠮ ᠤᠨ ᠪᠤᠰᠤ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠠᠰᠠᠭᠤᠳᠠᠯ ᠢ ᠬᠠᠮᠲᠤᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠣᠷᠣᠯᠴᠠᠬᠤ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠬᠤᠯᠪᠣᠭᠳᠠᠯ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠯ ᠢ ᠬᠠᠤᠯᠢ ᠶᠣᠰᠣᠭᠠᠷ ᠥᠷᠨᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠶᠢᠽ ᠡᠪᠡᠳᠴᠢᠨ ᠳᠤ ᠣᠷᠣᠯᠴᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠠᠪᠤᠷᠠᠨ ᠲᠤᠰᠠᠯᠠᠯᠲᠠ ᠭᠥᠷᠳᠡᠭᠰᠡᠨ ᠬᠤᠲᠠ ᠶᠢᠨ ᠠᠮᠢᠳᠤᠷᠠᠯ ᠨᠢ ᠨᠠᠶᠢᠳᠠᠪᠤᠷᠢ ᠦᠭᠡᠢ ᠲᠡᠨᠦᠭᠦᠴᠢᠯᠡᠨ ᠭᠤᠶᠢᠷᠠᠨᠴᠢᠯᠠᠭᠴᠢᠳ ᠤᠨ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠪᠣᠯᠣᠨ ᠠᠶᠢᠽ ᠡᠪᠡᠳᠴᠢᠨ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ ᠬᠡᠷᠡᠭᠲᠡᠢ᠃       8.ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠃ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ ᠶᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠡᠳ᠋ᠯᠡᠬᠦ ᠶᠢ ᠨᠢ ᠵᠣᠭᠰᠤᠭᠠᠬᠤ ᠭᠠᠵᠠᠷ ᠤᠨ ᠭᠢᠨᠳᠠᠨ ᠠᠴᠠ ᠣᠷᠣᠵᠤ ᠭᠠᠷᠬᠤ ᠰᠤᠷᠭᠠᠨ ᠬᠥᠮᠦᠵᠢᠯ ᠤᠨ ᠠᠭᠤᠯᠭ᠎ᠠ ᠳᠤ ᠣᠷᠣᠭᠤᠯᠵᠤ᠂ ᠬᠤᠷᠢᠶᠠᠮᠵᠢᠯᠠᠨ ᠵᠠᠰᠠᠵᠤ ᠬᠤᠷᠢᠶᠠᠮᠵᠢᠯᠠᠨ ᠬᠤᠷᠢᠬᠤ ᠬᠥᠮᠥᠰ ᠲᠤ ᠬᠠᠤᠯᠢ ᠳᠦᠷᠢᠮ ᠤᠨ ᠤᠬᠠᠭᠤᠯᠭ᠎ᠠ ᠪᠣᠯᠣᠨ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ ᠶᠢᠨ ᠬᠥᠮᠦᠵᠢᠯ ᠬᠢᠬᠦ ᠬᠡᠷᠡᠭᠲᠡᠢ᠃ ᠠᠶᠢᠽ ᠡᠪᠡᠳᠴᠢᠨ ᠤ ᠸᠢᠷᠦ᠋ᠰ ᠤᠨ ᠡᠰᠡᠷᠭᠦᠴᠡᠭᠴᠢ ᠶᠢᠨ ᠪᠠᠶᠢᠴᠠᠭᠠᠯᠲᠠ ᠶᠢ ᠰᠢᠨ᠎ᠡ ᠪᠠᠷ ᠭᠥᠯᠢᠶᠡᠨ ᠠᠪᠴᠤ ᠬᠤᠷᠢᠶᠠᠮᠵᠢᠯᠠᠨ ᠬᠤᠷᠢᠬᠤ ᠬᠥᠮᠥᠰ ᠤᠨ ᠡᠩ ᠤᠨ ᠪᠠᠶᠢᠴᠠᠭᠠᠯᠲᠠ ᠶᠢᠨ ᠠᠭᠤᠯᠭ᠎ᠠ ᠳᠤ ᠵᠢᠭᠰᠠᠭᠠᠨ ᠮᠡᠳᠡᠭᠳᠡᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠩᠭᠠᠬᠤ ᠬᠡᠷᠡᠭᠲᠡᠢ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠵᠢᠯᠴᠠᠨ ᠠᠶᠢᠽ ᠡᠪᠡᠳᠴᠢᠨ ᠢ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠬᠢᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠮᠢᠶᠠᠷᠴᠤ ᠪᠠᠶᠢᠭ᠎ᠠ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠡᠳ᠋ᠯᠡᠬᠦ ᠶᠢ ᠨᠢ ᠵᠣᠭᠰᠤᠭᠠᠬᠤ ᠭᠠᠵᠠᠷ ᠤᠨ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠳ ᠪᠠ ᠡᠪᠡᠳᠴᠢᠲᠡᠨ ᠳᠤ ᠠᠨᠠᠭᠠᠬᠤ ᠤᠬᠠᠭᠠᠨ ᠤ ᠬᠠᠮᠢᠶᠠᠷᠤᠯᠲᠠ ᠶᠠᠪᠤᠭᠤᠯᠵᠤ᠂   ᠭᠠᠳᠠᠨ᠎ᠠ ᠶᠢᠨ ᠡᠮᠨᠡᠯᠭᠡ ᠶᠢᠨ ᠬᠤᠷᠢᠶᠠᠨ ᠳᠤ ᠡᠮᠨᠡᠭᠦᠯᠵᠦ ᠳᠡᠶᠢᠯᠬᠦ ᠦᠭᠡᠢ ᠠᠶᠢᠽ ᠡᠪᠡᠳᠴᠢᠲᠡᠨ ᠢ ᠡᠮᠨᠡᠨ ᠵᠠᠰᠠᠵᠤ᠂ ᠬᠤᠷᠢᠭᠤᠯ ᠤᠨ ᠭᠠᠵᠠᠷ ᠤᠨ ᠳᠣᠲᠣᠷᠠᠬᠢ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ ᠂ ᠭᠢᠨᠳᠠᠨ ᠤ ᠭᠠᠵᠠᠷ ᠤᠨ ᠳᠣᠲᠣᠷᠠᠬᠢ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠳ ᠪᠠ ᠡᠪᠡᠳᠴᠢᠲᠡᠨ ᠳᠤ ᠬᠠᠤᠯᠢ ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠠᠴᠠ ᠵᠥᠷᠢᠴᠡᠨ ᠶᠠᠯ᠎ᠠ ᠬᠢᠭᠰᠡᠨ ᠠᠶᠢᠽ ᠡᠪᠡᠳᠴᠢᠨ  ᠤ ᠸᠢᠷᠦ᠋ᠰ ᠲᠤ ᠬᠠᠯᠳᠠᠪᠤᠷᠢᠯᠠᠭᠰᠠᠳ ᠪᠣᠯᠣᠨ ᠡᠪᠡᠳᠴᠢᠲᠡᠨ ᠢ ᠬᠢᠨᠠᠨ ᠬᠠᠮᠢᠶᠠᠷᠬᠤ ᠳᠦᠷᠢᠮ  ᠢ ᠪᠠᠶᠢᠭᠤᠯᠤᠨ ᠪᠦᠷᠢᠨᠰᠢᠭᠦᠯᠵᠦ᠂ ᠲᠡᠭᠦᠨ ᠤ ᠨᠡᠶᠢᠭᠡᠮ ᠳᠤ ᠪᠤᠴᠠᠭᠰᠠᠨ ᠤ ᠳᠠᠷᠠᠭᠠᠬᠢ ᠡᠮᠨᠡᠨ ᠵᠠᠰᠠᠬᠤ᠂ ᠲᠡᠩᠬᠡᠷᠡᠭᠦᠯᠦᠨ ᠲᠤᠰᠠᠯᠠᠬᠤ ᠵᠡᠷᠭᠡ ᠶᠢ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃       9.ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠵᠠᠷᠤᠳᠠᠯ  ᠤᠨ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠲᠣᠭᠤᠷᠢᠭ ᠤᠨ ᠡᠳ᠋ ᠤᠨ ᠵᠠᠰᠠᠭ ᠠᠴᠠ ᠡᠭᠦᠷᠭᠡᠯᠡᠪᠡᠰᠦ ᠵᠣᠬᠢᠬᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠵᠠᠷᠤᠳᠠᠯ  ᠢ ᠬᠠᠷᠢᠭᠤᠴᠠᠨ ᠲᠣᠬᠢᠷᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠪᠠᠷ ᠵᠠᠷᠤᠳᠠᠯ ᠤᠨ ᠬᠡᠷᠡᠭᠯᠡᠯᠲᠡ ᠳᠤ ᠬᠢᠨᠠᠯᠲᠠ ᠲᠠᠯᠪᠢᠬᠤ ᠪᠠ ᠦᠷ᠎ᠡ ᠠᠰᠢᠭ ᠢ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠤᠨ ᠡᠳ᠋ ᠤᠨ ᠵᠠᠰᠠᠭ ᠢ ᠰᠢᠪᠠᠳᠠᠨ ᠵᠢᠯᠤᠭᠤᠳᠬᠤ ᠪᠠ ᠵᠢᠯᠤᠭᠤᠳᠴᠤ ᠪᠠᠶᠢᠭᠠᠳ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠵᠣᠬᠢᠴᠠᠩᠭᠤᠢ ᠲᠤᠰᠬᠠᠢ ᠵᠠᠷᠤᠳᠠᠯ ᠢ ᠲᠣᠬᠢᠷᠠᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠳᠤ ᠬᠡᠷᠡᠭᠯᠡᠬᠦ ᠡᠮᠨᠡᠨ ᠵᠠᠰᠠᠬᠤ ᠡᠮ ᠤᠨ ᠵᠦᠢᠯ ᠤᠨ ᠲᠣᠭᠤᠷᠢᠭ ᠤᠨ ᠳᠣᠲᠣᠷ᠎ᠠ ᠦᠢᠯᠡᠳᠪᠦᠷᠢᠯᠡᠵᠦ ᠪᠣᠷᠣᠯᠠᠭᠤᠯᠬᠤ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠲᠦᠷᠦ ᠶᠢᠨ ᠪᠣᠳᠣᠯᠭ᠎ᠠ ᠶᠢ ᠲᠣᠭᠲᠠᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠲᠠᠨ ᠢ ᠱᠠᠩᠨᠠᠬᠤ᠂ ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃       10. ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ᠂ ᠰᠢᠨᠵᠢᠯᠡᠬᠦ ᠤᠬᠠᠭᠠᠨ ᠤ ᠰᠤᠳᠤᠯᠤᠯ ᠪᠣᠯᠣᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠵᠢᠴᠢ ᠠᠵᠢᠯᠲᠠᠨ ᠤᠷᠢᠵᠤ ᠬᠡᠷᠡᠭᠯᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠦᠬᠦᠢ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠪᠣᠯᠣᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠡᠭᠦᠯᠳᠡᠷᠵᠢᠭᠦᠯᠦᠨ᠎ᠡ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠷᠭ᠎ᠠ ᠪᠣᠳᠣᠯᠭ᠎ᠠ ᠶᠢ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠮᠡᠷᠭᠡᠵᠢᠯ ᠤᠨ ᠠᠵᠢᠯᠴᠢᠨ ᠤᠨ ᠰᠤᠷᠭᠠᠭᠤᠯᠢ ᠶᠢᠨ ᠪᠣᠯᠪᠠᠰᠤᠷᠠᠭᠤᠯᠤᠯ ᠤᠨ ᠬᠢᠴᠢᠶᠡᠯ ᠳᠤ ᠵᠣᠬᠢᠴᠠᠭᠤᠯᠤᠨ ᠣᠷᠣᠭᠤᠯᠬᠤ ᠬᠡᠷᠡᠭᠲᠡᠢ᠃ ᠲᠣᠭᠤᠷᠢᠭ ᠤᠨ ᠱᠠᠲᠤᠨ ᠤ ᠠᠯᠪᠠᠨ ᠬᠠᠭᠠᠭᠴᠢᠳ ᠪᠠ ᠰᠢᠨ᠎ᠡ ᠪᠠᠷ ᠠᠵᠢᠯ ᠳᠤ ᠣᠷᠣᠭᠰᠠᠨ ᠠᠵᠢᠯᠲᠠᠨ ᠠᠵᠢᠯᠴᠢᠳ ᠢ ᠵᠣᠬᠢᠶᠠᠨ ᠪᠠᠶᠢᠭᠤᠯᠵᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠦ ᠶᠢᠨ ᠪᠣᠳᠣᠯᠭ᠎ᠠ ᠪᠠ ᠮᠡᠳᠡᠯᠭᠡ ᠶᠢ ᠰᠤᠷᠤᠯᠴᠠᠭᠤᠯᠤᠨ᠎ᠠ᠃ ᠬᠥᠳᠡᠯᠮᠦᠷᠢᠯᠡᠬᠦ ᠴᠢᠳᠠᠪᠤᠷᠢ ᠲᠠᠢ ᠮᠥᠷᠲᠡᠭᠡᠨ ᠠᠵᠢᠯ ᠣᠯᠬᠤ ᠬᠦᠰᠡᠯ ᠲᠠᠢ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠳ ᠲᠤ ᠠᠵᠢᠯ ᠣᠯᠭᠤᠬᠤ ᠦᠢᠯᠡᠴᠢᠯᠡᠭᠡ ᠬᠠᠩᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠳᠤᠮᠳᠠ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠬᠡᠷᠡᠭᠲᠡᠢ᠃ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ ᠶᠢ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠬᠦ ᠪᠣᠯᠪᠠᠰᠤᠷᠠᠭᠤᠯᠤᠯ ᠵᠢᠴᠢ ᠬᠥᠳᠡᠯᠮᠦᠷᠢ ᠬᠦᠴᠦᠨ ᠤ ᠴᠢᠳᠠᠪᠤᠷᠢᠲᠠᠨ ᠤ ᠵᠠᠬ᠎ᠠ ᠳᠡᠯᠭᠡᠭᠦᠷ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠠᠭᠤᠯᠭ᠎ᠠ ᠳᠤ ᠣᠷᠣᠭᠤᠯᠵᠤ᠂ ᠠᠵᠢᠯᠯᠠᠬᠤ ᠲᠠᠯᠠᠪᠤᠷ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠬᠦ ᠬᠡᠷᠡᠭᠲᠡᠢ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠨᠢᠭᠡᠨᠲᠡ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠳ ᠪᠤᠶᠤ ᠡᠪᠡᠳᠴᠢᠲᠡᠨ ᠤ ᠬᠠᠮᠢᠶ᠎ᠠ ᠪᠦᠬᠦᠢ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃       11.ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ᠃ ᠲᠡᠷᠭᠡᠨ ᠥᠷᠲᠡᠭᠡ ᠵᠡᠷᠭᠡ ᠲᠠᠯᠠᠪᠤᠷ ᠭᠠᠵᠠᠷ ᠵᠢᠴᠢ ᠲᠡᠷᠭᠡ ᠬᠥᠰᠬᠡ ᠵᠡᠷᠭᠡ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢ ᠠᠰᠢᠭᠯᠠᠨ᠂ ᠠᠶᠠᠨᠴᠢᠳ ᠪᠣᠯᠣᠨ ᠲᠡᠷᠭᠡᠨ ᠳᠡᠭᠡᠷᠡᠬᠢ ᠠᠵᠢᠯᠲᠠᠨ ᠳᠤ ᠣᠯᠠᠨ ᠵᠦᠢᠯ ᠤᠨ ᠬᠡᠯᠪᠡᠷᠢ ᠶᠢᠨ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠬᠢᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠵᠢᠯᠴᠠᠨ ᠠᠶᠢᠽ ᠡᠪᠡᠳᠴᠢᠨ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠬᠠᠤᠯᠢ ᠶᠣᠰᠣᠭᠠᠷ ᠮᠡᠳᠡᠭᠦᠯᠦᠨ᠎ᠡ᠃       12.ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠲᠧᠯᠸᠢᠰ ᠤᠨ ᠬᠤᠯᠪᠣᠭᠳᠠᠯ ᠪᠦᠬᠦᠢ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠤᠬᠠᠭᠤᠯᠤᠨ ᠮᠡᠳᠡᠭᠡᠯᠡᠬᠦ ᠶᠢ ᠵᠢᠯᠣᠭᠤᠳᠤᠨ᠎ᠠ᠃ ᠨᠠᠶᠢᠷ ᠨᠠᠭᠠᠳᠤᠮ ᠤᠨ ᠦᠢᠯᠡᠴᠢᠯᠡᠭᠡᠨ ᠤ ᠲᠠᠯᠠᠪᠤᠷ ᠲᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠢ ᠢᠯᠡ ᠪᠠᠷ ᠨᠠᠭᠠᠬᠤ ᠪᠠ ᠳᠡᠯᠭᠡᠨ ᠲᠠᠯᠪᠢᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠰᠣᠶᠣᠯ ᠤᠨ ᠣᠷᠳᠣᠨ ᠵᠡᠷᠭᠡ ᠰᠣᠶᠣᠯ ᠤᠨ ᠲᠠᠯᠠᠪᠤᠷ ᠤᠨ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠰᠠᠶᠢᠲᠤᠷ ᠬᠢᠨ᠎ᠡ᠃ ᠡᠳᠦᠷ ᠲᠤᠲᠤᠮ ᠤᠨ ᠠᠵᠢᠯ ᠪᠣᠯᠣᠨ ᠰᠣᠶᠣᠯ ᠢᠶᠠᠷ ᠲᠠᠷᠢᠶᠠᠯᠠᠩ ᠢ ᠳᠡᠮᠵᠢᠬᠦ᠂ ᠲᠠᠷᠢᠶᠠᠴᠢᠳ ᠲᠤ ᠠᠰᠢᠭ ᠬᠦᠷᠲᠡᠭᠡᠬᠦ ᠠᠵᠢᠯᠯᠠᠭ᠎ᠠ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠬᠠᠮᠢᠶ᠎ᠠ ᠪᠦᠬᠦᠢ ᠪᠣᠯᠪᠠᠰᠤᠷᠠᠭᠤᠯᠤᠯ ᠳᠤ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠭᠤᠯᠭ᠎ᠠ ᠶᠢ ᠨᠡᠮᠡᠨ ᠪᠠᠶᠢᠭᠤᠯᠵᠤ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠫᠷᠣᠭ᠍ᠷᠠᠮ᠂ ᠪᠦᠲᠦᠭᠡᠯ ᠢ ᠵᠣᠬᠢᠶᠠᠨ ᠪᠠᠶᠢᠭᠤᠯᠤᠨ ᠨᠡᠭᠡᠭᠡᠨ ᠬᠥᠭᠵᠢᠭᠦᠯᠬᠦ ᠪᠠ ᠦᠢᠯᠡᠳᠬᠦ ᠬᠡᠷᠡᠭᠲᠡᠢ᠃ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ᠂ ᠲᠥᠷᠥ ᠶᠢᠨ ᠪᠣᠳᠣᠯᠭ᠎ᠠ ᠶᠢ ᠡᠳᠦᠷ ᠲᠤᠳᠤᠮ ᠤᠨ ᠤᠬᠠᠭᠤᠯᠭ᠎ᠠ ᠶᠢᠨ ᠠᠵᠢᠯ ᠳᠤ ᠣᠷᠣᠭᠤᠯᠵᠤ᠂ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ ᠪᠣᠯᠣᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠨᠡᠶᠢᠲᠡᠯᠡᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃       13. ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠲᠣᠪᠴᠢᠶ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠤᠷᠢᠭ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ᠂ ᠠᠵᠢᠯᠯᠠᠭᠠᠨ ᠤ ᠲᠥᠯᠥᠪᠯᠡᠭᠡ ᠪᠣᠯᠣᠨ ᠬᠡᠷᠡᠭᠵᠢᠭᠦᠯᠬᠦ ᠲᠥᠰᠥᠯ ᠢ ᠬᠠᠮᠲᠤ ᠪᠠᠷ ᠲᠣᠭᠲᠠᠭᠠᠵᠤ᠂ ᠵᠣᠬᠢᠴᠠᠭᠤᠯᠤᠨ ᠵᠢᠯᠤᠭᠤᠳᠴᠤ ᠬᠡᠷᠡᠭᠵᠢᠭᠦᠯᠦᠨ᠎ᠡ᠃ ᠠᠶᠢᠽ ᠡᠪᠡᠳᠴᠢᠨ ᠤ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠪᠠ ᠬᠠᠮᠢᠶᠠᠷᠬᠤ ᠶᠢ ᠵᠣᠬᠢᠶᠠᠨ ᠪᠠᠶᠢᠭᠤᠯᠵᠤ᠂ ᠪᠦᠬᠦ ᠲᠣᠭᠤᠷᠢᠭ ᠤᠨ ᠠᠶᠢᠽ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠢ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠬᠤ᠂ ᠪᠠᠶᠢᠴᠠᠭᠠᠬᠤ᠂ ᠦᠨᠡᠯᠡᠬᠦ ᠪᠠ ᠮᠡᠷᠭᠡᠵᠢᠯ ᠤᠨ ᠵᠢᠯᠣᠭᠤᠳᠤᠯᠭ᠎ᠠ ᠶᠢ ᠵᠣᠬᠢᠶᠠᠨ ᠪᠠᠶᠢᠭᠤᠯᠤᠨ᠎ᠠ᠃ ᠠᠶᠢᠽ ᠡᠪᠡᠳᠴᠢᠨ ᠤ ᠲᠤᠰᠬᠠᠢ ᠪᠠᠶᠢᠭᠤᠯᠤᠮᠵᠢ᠂ ᠡᠩᠨᠡᠭᠡᠨ ᠤ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠵᠢᠴᠢ ᠪᠤᠰᠤᠳ ᠡᠯ᠎ᠡ ᠲᠥᠷᠥᠯ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠤ ᠰᠤᠳᠤᠯᠤᠯ᠂ ᠤᠬᠠᠭᠤᠯᠭ᠎ᠠ ᠬᠥᠮᠦᠵᠢᠯ ᠪᠣᠯᠣᠨ ᠬᠠᠮᠢᠶᠠᠷᠤᠯᠲᠠ ᠶᠢᠨ ᠠᠵᠢᠯᠲᠠᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ᠂ ᠡᠷᠬᠢᠯᠡᠭᠰᠡᠨ ᠠᠵᠢᠯ ᠤᠨ ᠢᠯᠡᠴᠢᠯᠡᠯᠲᠡ ᠶᠢ ᠰᠡᠷᠭᠡᠶᠢᠯᠡᠬᠦ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠤᠯ ᠪᠣᠯᠣᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠰᠠᠳ ᠪᠠ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠸᠢᠷᠦ᠋ᠰ ᠢ ᠡᠰᠡᠷᠭᠦᠴᠡᠬᠦ ᠡᠮ ᠢ ᠠᠶᠢᠽ ᠡᠪᠡᠳᠴᠢᠨ ᠢ ᠡᠮᠨᠡᠨ ᠵᠠᠰᠠᠬᠤ ᠠᠵᠢᠯ ᠢ ᠵᠣᠬᠢᠶᠠᠨ ᠪᠠᠶᠢᠭᠤᠯᠬᠤ᠂ ᠬᠡᠷᠡᠭᠵᠢᠭᠦᠯᠬᠦ ᠬᠠᠮᠢᠶᠠᠷᠤᠯᠲᠠ ᠶᠢ ᠬᠠᠷᠢᠭᠤᠴᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠢ ᠵᠣᠬᠢᠶᠠᠨ ᠪᠠᠶᠢᠭᠤᠯᠵᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ᠂ ᠯᠠᠪᠯᠠᠯᠲᠠ ᠶᠢᠨ ᠠᠵᠢᠯ ᠢ ᠥᠷᠨᠢᠭᠦᠯᠦᠨ᠎ᠡ᠃ ᠪᠡᠯᠬᠡᠪᠴᠢ ᠶᠢ ᠯᠠᠪᠯᠠᠨ ᠠᠰᠠᠭᠤᠬᠤ ᠪᠠ ᠳᠡᠯᠭᠡᠷᠡᠭᠦᠯᠦᠨ ᠬᠡᠷᠡᠭᠯᠡᠬᠦ ᠵᠡᠷᠭᠡ ᠭᠠᠷ ᠲᠦᠷᠦᠭᠦ ᠠᠵᠢᠯ ᠢ ᠬᠢᠬᠦ ᠬᠡᠷᠡᠭᠲᠡᠢ᠃ ᠠᠶᠢᠽ ᠡᠪᠡᠳᠴᠢᠨ ᠤ ᠡᠬᠡ ᠨᠢᠯᠬᠠᠰ ᠤᠨ ᠬᠠᠯᠳᠠᠪᠤᠷᠢᠯᠠᠬᠤ ᠶᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤ ᠪᠠᠷ ᠬᠠᠷ᠎ᠠ ᠲᠠᠮᠠᠬᠢ ᠶᠢᠨ ᠲᠥᠷᠥᠯ ᠤᠨ ᠪᠣᠳᠠᠰ ᠢ ᠳᠤᠷ᠎ᠠ ᠪᠠᠷ ᠢᠶᠠᠨ ᠬᠡᠷᠡᠭᠯᠡᠵᠦ ᠰᠢᠨᠤᠯ ᠲᠠᠢ ᠪᠣᠯᠣᠭᠰᠠᠳ ᠤᠨ ᠡᠮ ᠢᠶᠠᠷ ᠡᠮᠨᠡᠨ ᠵᠠᠰᠠᠬᠤ ᠪᠠ ᠬᠤᠣᠷ ᠲᠠᠲᠠᠭᠴᠢᠳ ᠲᠤ ᠴᠢᠭᠯᠡᠭᠦᠯᠦᠭᠰᠡᠨ ᠪᠤᠰᠤᠳ ᠭᠠᠷ ᠲᠦᠷᠦᠭᠦ ᠠᠵᠢᠯ ᠢ ᠰᠠᠶᠢᠲᠤᠷ ᠬᠢᠨ᠎ᠡ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠣᠷᠣᠯᠴᠠᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠬᠠᠮᠢᠶᠠᠷᠤᠯᠲᠠ ᠪᠣᠯᠣᠨ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠢᠽ ᠡᠪᠡᠳᠴᠢᠨ ᠢ ᠰᠡᠷᠭᠡᠶᠢᠯᠡᠨ ᠵᠠᠰᠠᠭ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠰᠠᠶᠢᠲᠤᠷ ᠬᠢᠬᠦ ᠬᠡᠷᠡᠭᠲᠡᠢ᠃ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠢ ᠵᠢᠯᠤᠭᠤᠳᠴᠤ ᠪᠠᠶᠢᠭᠠᠳ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠦᠢᠯᠡᠴᠢᠯᠡᠭᠡᠨ ᠢ ᠠᠳᠠᠯᠢ ᠲᠡᠭᠰᠢ ᠪᠣᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠲᠣᠭᠤᠷᠢᠭ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠺᠣᠮᠢᠰ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃      14.ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠵᠤᠭ᠎ᠠ ᠴᠡᠩᠭᠡᠯ ᠪᠠ ᠦᠢᠯᠡᠴᠢᠯᠡᠭᠡᠨ ᠤ ᠲᠠᠯᠠᠪᠤᠷ ᠭᠠᠵᠠᠷ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠡᠯᠬᠡᠪᠴᠢ ᠶᠢ ᠳᠡᠯᠭᠡᠷᠡᠭᠦᠯᠦᠨ ᠬᠡᠷᠡᠭᠯᠡᠬᠦ ᠵᠡᠷᠭᠡ ᠬᠠᠮᠢᠶᠠᠷᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠨᠡᠶᠢᠲᠡᠯᠡᠨ ᠨᠡᠪᠲᠡᠷᠡᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠶᠤᠯᠭᠦᠢ ᠶᠢᠨ ᠳᠤᠭᠲᠤᠢ ᠶᠢᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠤᠬᠠᠭᠤᠯᠭ᠎ᠠ ᠶᠢ ᠲᠡᠮᠵᠢᠨ ᠳᠡᠯᠭᠡᠷᠡᠭᠦᠯᠬᠦ ᠬᠡᠷᠡᠭᠲᠡᠢ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠳᠤ ᠬᠤᠯᠪᠣᠭᠳᠠᠬᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮᠴᠢᠯᠡᠭᠡᠨ ᠤ ᠬᠡᠷᠡᠭᠰᠡᠯ᠂ ᠡᠮᠴᠢᠯᠡᠭᠡᠨ ᠤ ᠦᠢᠯᠡᠴᠢᠯᠡᠭᠡᠨ ᠤ ᠵᠠᠷ ᠪᠣᠯᠣᠨ ᠨᠡᠶᠢᠲᠡ ᠶᠢᠨ ᠠᠰᠠᠷᠠᠮᠵᠢ ᠶᠢᠨ ᠵᠠᠷ ᠤᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠨ᠎ᠠ᠃ ᠠᠶᠢᠽ ᠡᠪᠡᠳᠴᠢᠨ ᠢ ᠡᠮᠨᠡᠨ ᠵᠠᠰᠠᠬᠤ ᠡᠮ ᠤᠨ ᠵᠦᠢᠯ᠂ ᠣᠨᠣᠰᠢᠯᠠᠬᠤ ᠤᠷᠪᠠᠯᠵᠢ ᠵᠢᠴᠢ ᠪᠡᠯᠬᠡᠪᠴᠢ ᠵᠡᠷᠭᠡ ᠤᠷᠢᠳᠴᠢᠯᠠᠨ ᠰᠡᠷᠭᠡᠶᠢᠯᠡᠬᠦ ᠬᠡᠷᠡᠭᠰᠡᠯ ᠢ ᠬᠢᠨᠠᠨ ᠵᠥᠪᠰᠢᠶᠡᠷᠡᠬᠦ᠂ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠡ᠃ ᠠᠶᠢᠽ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠣᠨᠣᠰᠢᠯᠠᠬᠤ᠂ ᠡᠮᠨᠡᠨ ᠵᠠᠰᠠᠬᠤ ᠡᠮ ᠤᠨ ᠵᠦᠢᠯ ᠢ ᠤᠷᠪᠠᠯᠵᠢ ᠶᠢᠨ ᠬᠡᠮᠵᠢᠭᠦᠷᠯᠢᠭ ᠢ ᠳᠠᠩᠰᠠᠯᠠᠭᠤᠯᠬᠤ ᠪᠠᠷ ᠭᠤᠶᠤᠴᠢᠯᠠᠬᠤ ᠶᠢ ᠤᠷᠢᠳ ᠢᠶᠠᠷ ᠰᠢᠢᠳᠪᠦᠷᠢᠯᠡᠨ᠎ᠡ᠃ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ᠂ ᠬᠤᠪᠢ ᠶᠢᠨ ᠡᠵᠡᠩᠨᠡᠭᠰᠡᠨ ᠠᠵᠤ ᠠᠬᠤᠶᠢᠯᠠᠯ ᠢ ᠳᠠᠶᠢᠴᠢᠯᠠᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠨᠡᠶᠢᠭᠡᠮᠯᠢᠭ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠥᠷᠨᠢᠭᠦᠯᠬᠦ ᠶᠢ ᠵᠢᠯᠣᠭᠤᠳᠤᠨ ᠳᠡᠮᠵᠢᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯᠴᠢᠨ ᠬᠡᠷᠡᠭᠯᠡᠬᠦ ᠨᠢᠭᠡᠴᠢ ᠶᠢ ᠬᠥᠲᠥᠯᠥᠨ ᠵᠢᠯᠤᠭᠤᠳᠴᠤ ᠪᠠᠶᠢᠭᠠᠳ ᠲᠡᠭᠦᠨ ᠤ ᠬᠠᠷᠢᠭᠤᠴᠠᠨ ᠬᠠᠮᠢᠶᠠᠷᠴᠤ ᠪᠠᠶᠢᠭ᠎ᠠ ᠬᠥᠯᠥᠰᠦᠨ ᠠᠵᠢᠯᠴᠢᠨ ᠤ ᠲᠥᠪᠯᠡᠷᠡᠨ ᠰᠠᠭᠤᠵᠤ ᠪᠠᠶᠢᠭ᠎ᠠ ᠭᠠᠵᠠᠷ ᠲᠤ ᠤᠬᠠᠭᠤᠯᠭ᠎ᠠ ᠶᠢᠨ ᠮᠠᠲ᠋ᠧᠷᠢᠶᠠᠯ ᠪᠠ ᠪᠡᠯᠬᠡᠪᠴᠢ ᠲᠠᠯᠪᠢᠭᠤᠯᠵᠤ᠂ ᠬᠠᠨᠢᠲᠠᠨ ᠢᠶᠠᠨ ᠬᠥᠮᠥᠵᠢᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠬᠠᠷ᠎ᠠ ᠲᠠᠮᠠᠬᠢᠨ ᠤ ᠲᠥᠷᠥᠯ ᠤᠨ ᠪᠣᠳᠠᠰ ᠤᠨ ᠰᠢᠨᠤᠯ ᠲᠠᠢ ᠪᠣᠯᠣᠭᠰᠠᠳ ᠤᠨ ᠡᠮ ᠢ ᠳᠤᠷ᠎ᠠ ᠪᠠᠷ ᠢᠶᠠᠨ ᠬᠡᠷᠡᠭᠯᠡᠨ ᠮᠧᠲ᠋ᠠᠳᠤᠨ ᠡᠮ ᠤᠨ ᠵᠦᠢᠯ ᠢ ᠡᠮᠨᠡᠨ ᠵᠠᠰᠠᠬᠤ ᠶᠢ ᠪᠠᠲᠤᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃       15. ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠠᠢ ᠤᠶᠠᠯᠳᠤᠭᠤᠯᠤᠨ᠂ ᠠᠮᠢᠳᠤᠷᠠᠯ ᠨᠢ ᠬᠦᠴᠢᠷᠳᠡᠯᠲᠡᠢ᠂ ᠬᠥᠳᠡᠯᠮᠦᠷᠢᠯᠡᠬᠦ ᠴᠢᠳᠠᠪᠤᠷᠢ ᠲᠠᠢ᠂ ᠠᠵᠢᠯ ᠣᠯᠬᠤ ᠬᠦᠰᠡᠯ ᠲᠠᠢ ᠬᠠᠯᠳᠠᠪᠤᠷᠢᠯᠠᠭᠰᠠᠳ ᠪᠤᠶᠤ ᠡᠪᠡᠳᠴᠢᠲᠡᠨ ᠤ ᠦᠢᠯᠡᠳᠪᠦᠷᠢᠯᠡᠯ ᠢᠶᠠᠷ ᠥᠪᠡᠷ ᠢ ᠪᠠᠨ ᠲᠡᠩᠬᠡᠷᠡᠭᠦᠯᠬᠦ ᠵᠡᠷᠭᠡ ᠠᠵᠢᠯ ᠥᠷᠨᠢᠭᠦᠯᠬᠦ ᠶᠢ ᠲᠡᠮᠵᠢᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠶᠠᠳᠠᠭᠤ ᠬᠦᠴᠢᠷᠳᠡᠯᠲᠡᠢ ᠲᠡᠳᠬᠦᠭᠦᠯᠬᠦ ᠡᠲᠡᠭᠡᠳ ᠤᠨ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠳᠡᠯᠭᠡ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃       16. ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠃ ᠠᠶᠢᠽ ᠡᠪᠡᠳᠴᠢᠨ ᠢ ᠰᠡᠷᠭᠡᠶᠢᠯᠡᠬᠦ ᠮᠡᠳᠡᠯᠭᠡ ᠶᠢ ᠪᠠᠷᠢᠯᠭ᠎ᠠ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠳ ᠤᠨ ᠬᠥᠮᠦᠵᠢᠯ ᠪᠣᠯᠪᠠᠰᠤᠷᠠᠭᠤᠯᠤᠯ ᠤᠨ ᠴᠢᠬᠤᠯᠠ ᠠᠭᠤᠯᠭ᠎ᠠ ᠪᠣᠯᠭᠠᠵᠤ᠂ ᠪᠠᠷᠢᠯᠭ᠎ᠠ ᠶᠢᠨ ᠭᠠᠵᠠᠷ ᠤᠨ ᠠᠵᠢᠯᠴᠢᠳ ᠤᠨ ᠠᠶᠢᠽ ᠡᠪᠡᠳᠴᠢᠨ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠵᠡᠷᠭᠡ ᠠᠵᠢᠯ ᠢ  ᠵᠣᠬᠢᠶᠠᠨ ᠪᠠᠶᠢᠭᠤᠯᠤᠨ ᠰᠠᠶᠢᠲᠤᠷ ᠬᠢᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠳᠠ ᠶᠢᠨ ᠨᠡᠶᠢᠭᠡᠮ ᠲᠣᠭᠤᠷᠢᠭ᠂ ᠤᠯᠠᠨ ᠨᠡᠶᠢᠲᠡ ᠶᠢᠨ ᠲᠠᠯᠠᠪᠤᠷ ᠲᠤ ᠠᠶᠢᠽ ᠡᠪᠡᠳᠴᠢᠨ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃      17.ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠃ ᠪᠥᠬᠦ ᠲᠣᠭᠤᠷᠢᠭ ᠤᠨ ᠠᠵᠢᠯᠲᠠᠨ ᠠᠵᠢᠯᠴᠢᠨ᠂ ᠵᠠᠯᠠᠭᠤᠴᠤᠳ᠂ ᠡᠮᠡᠭᠲᠡᠶᠢᠴᠦᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠲᠣᠰ ᠲᠣᠰ ᠤᠨ ᠠᠵᠢᠯ ᠤᠨ ᠡᠲᠡᠭᠡᠳ ᠢᠶᠠᠨ ᠦᠨᠳᠦᠰᠦᠯᠡᠨ᠂ ᠠᠵᠢᠯᠲᠠᠨ ᠠᠵᠢᠯᠴᠢᠨ᠂ ᠵᠠᠯᠠᠭᠤᠴᠤᠳ᠂ ᠡᠮᠡᠭᠲᠡᠶᠢᠴᠦᠳ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯᠲᠠᠨ ᠠᠵᠢᠯᠴᠢᠨ᠂ ᠵᠠᠯᠠᠭᠤᠴᠤᠳ᠂ ᠡᠮᠡᠭᠲᠡᠶᠢᠴᠦᠳ ᠤᠨ ᠳᠣᠲᠣᠷᠠᠬᠢ ᠠᠶᠢᠽ ᠡᠪᠡᠳᠴᠢᠨ ᠳᠤ ᠬᠠᠯᠳᠠᠪᠤᠷᠢᠯᠠᠭᠳᠠᠭᠰᠠᠳ ᠪᠠ ᠡᠪᠡᠳᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃       18. ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠃ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠺᠣᠮᠢᠰ ᠲᠠᠢ ᠬᠠᠮᠵᠢᠯᠴᠠᠨ ᠦᠨ᠎ᠡ ᠲᠥᠯᠥᠪᠦᠷᠢ ᠦᠭᠡᠢ ᠪᠠᠷ ᠴᠢᠰᠤ ᠥᠭᠬᠦ ᠤᠬᠠᠭᠤᠯᠭ᠎ᠠ ᠳᠠᠶᠢᠴᠢᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠣᠯᠠᠨ ᠵᠦᠢᠯ ᠤᠨ ᠬᠠᠷᠠᠯᠲᠠ ᠲᠠᠢ ᠬᠥᠮᠥᠰ ᠤᠨ ᠳᠤᠮᠳᠠ ᠠᠶᠢᠽ ᠡᠪᠡᠳᠴᠢᠨ ᠢ ᠰᠡᠷᠭᠡᠶᠢᠯᠡᠬᠦ ᠠᠵᠢᠯ ᠢ ᠥᠷᠨᠢᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠠᠮᠢᠳᠤᠷᠠᠯ ᠨᠢ ᠬᠦᠴᠢᠷᠳᠡᠯᠲᠡᠢ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠳ᠂ ᠡᠪᠡᠳᠴᠢᠲᠡᠨ ᠵᠢᠴᠢ ᠭᠡᠷ ᠪᠦᠯᠢ ᠶᠢᠨ ᠬᠢᠨ ᠢ ᠬᠠᠯᠠᠮᠵᠢᠯᠠᠨ ᠲᠡᠩᠬᠡᠷᠡᠭᠦᠯᠦᠨ ᠲᠤᠰᠠᠯᠠᠬᠤ ᠠᠵᠢᠯ ᠢ ᠥᠷᠨᠢᠭᠦᠯᠦᠨ᠎ᠡ᠃ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠭᠡᠰᠢᠭᠦᠨ᠂ ᠤᠯᠠᠭᠠᠨ ᠵᠠᠭᠠᠯᠮᠠᠶᠢᠳᠠᠨ ᠤ  ᠵᠠᠯᠠᠭᠤᠴᠤᠳ ᠪᠠᠭᠠᠴᠤᠳ ᠪᠣᠯᠣᠨ ᠤᠯᠠᠭᠠᠨ ᠵᠠᠭᠠᠯᠮᠠᠶᠢᠳᠠᠨ ᠤ ᠰᠠᠶᠢᠨ ᠳᠤᠷ᠎ᠠ ᠶᠢᠨ ᠠᠵᠢᠯᠲᠠᠳ ᠢ ᠲᠠᠶᠢᠴᠢᠯᠠᠨ ᠠᠶᠢᠽ ᠡᠪᠡᠳᠴᠢᠨ ᠢ ᠰᠡᠷᠭᠡᠶᠢᠯᠡᠬᠦ ᠪᠠ ᠬᠢᠵᠠᠭᠠᠷᠯᠠᠬᠤ ᠤᠬᠠᠭᠤᠯᠭ᠎ᠠ ᠬᠥᠮᠦᠵᠢᠯ  ᠤᠨ ᠠᠵᠢᠯ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃        19.ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠃ ᠥᠷᠭᠡᠨ ᠣᠯᠠᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠲᠥᠯᠥᠭᠡᠯᠡᠭᠴᠢ ᠬᠥᠮᠥᠰ ᠢ ᠳᠠᠶᠢᠴᠢᠯᠠᠨ ᠨᠡᠶᠢᠭᠡᠮ ᠤᠨ ᠬᠠᠷᠢᠭᠤᠴᠠᠯᠭ᠎ᠠ ᠶᠢ ᠨᠢ ᠭᠦᠢᠴᠡᠳᠬᠡᠵᠦ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠨ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠳᠤ ᠵᠣᠭᠤᠰ ᠮᠥᠩᠭᠦ ᠡᠳ᠋ ᠪᠣᠳᠠᠰ ᠬᠠᠨᠳᠢᠪᠯᠡᠵᠤ᠂ ᠲᠣᠭᠤᠷᠢᠭ ᠤᠨ ᠨᠢᠭᠡᠳᠦᠯᠲᠡᠢ ᠲᠥᠯᠦᠪᠵᠢᠭᠦᠯᠭᠡ ᠶᠢᠨ ᠶᠣᠰᠣᠭᠠᠷ ᠰᠡᠷᠭᠡᠶᠢᠯᠡᠨ ᠵᠠᠰᠠᠬᠤ ᠠᠵᠢᠯ ᠳᠤ ᠬᠡᠷᠡᠭᠯᠡᠬᠦ ᠪᠠᠷ ᠲᠣᠬᠢᠷᠠᠭᠤᠯᠤᠨ᠎ᠠ᠃ ᠥᠷᠭᠡᠨ ᠣᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯ ᠡᠷᠬᠢᠯᠡᠭᠰᠡᠳ ᠲᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠲᠡᠮᠵᠢᠨ᠎ᠡ᠃ ᠪᠡᠯᠡ ᠮᠥᠩᠭᠦ ᠴᠤᠭᠯᠠᠭᠤᠯᠬᠤ ᠵᠡᠷᠭᠡ ᠡᠬᠢ ᠪᠠᠶᠠᠯᠢᠭ ᠤᠨ ᠬᠠᠮᠢᠶᠠᠷᠤᠯᠲᠠ ᠶᠢ ᠬᠠᠤᠯᠢ ᠶᠣᠰᠣᠭᠠᠷ ᠰᠠᠶᠢᠲᠤᠷ ᠬᠢᠵᠦ᠂ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠬᠠᠮᠵᠢᠯᠴᠠᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠦᠨ᠎ᠡ᠃      ︵ᠭᠤᠷᠪᠠ︶ ᠡᠯ᠎ᠡ ᠪᠠᠯᠭᠠᠰᠤ ᠰᠤᠮᠤ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠭᠦᠷᠭᠡ ᠬᠠᠷᠢᠭᠤᠴᠠᠯᠭ᠎ᠠ       ᠲᠣᠭᠤᠷᠢᠭ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠲᠤᠬᠠᠢ ᠶᠢᠨ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠬᠠᠷᠢᠶ᠎ᠠ ᠣᠷᠣᠨ ᠤ ᠪᠠᠨ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠵᠠᠷᠤᠳᠠᠯ ᠤᠨ ᠣᠷᠣᠭᠤᠯᠤᠯᠲᠠ ᠶᠢ ᠪᠠᠲᠤᠯᠠᠨ᠎ᠠ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠦᠢᠯᠡᠴᠢᠯᠡᠭᠡᠨ ᠤ ᠲᠣᠣᠷ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ ᠲᠤᠰ ᠬᠠᠷᠢᠶ᠎ᠠ ᠣᠷᠣᠨ ᠤ ᠪᠠᠨ ᠠᠶᠢᠽ ᠡᠪᠡᠳᠴᠢᠨ ᠢ  ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠵᠦᠢᠯᠡᠰ ᠢ  ᠴᠠᠭ ᠲᠤᠬᠠᠢ ᠳᠤ ᠨᠢ ᠨᠡᠪᠲᠡᠷᠡᠭᠦᠯᠬᠦ ᠬᠡᠷᠡᠭᠲᠡᠢ᠃                              2023 ᠣᠨ ᠤ 2 ᠰᠠᠷ᠎ᠠ ᠶᠢᠨ 28 ᠤ ᠡᠳᠦᠷ   
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号