ᠬᠤᠷᠴᠢᠨ ᠲᠣᠭᠤᠷᠢᠭ᠄ ᠴᠢᠬᠤᠯᠠ ᠬᠦᠴᠦᠨ ᠵᠦᠢᠯ ᠤᠨ ᠣᠷᠣᠭᠤᠯᠤᠯᠲᠠ ᠶᠢ ᠰᠢᠯᠢᠳᠡᠭᠵᠢᠭᠦᠯᠵᠦ ᠨᠠᠮ ᠤᠨ ᠭᠡᠰᠢᠭᠦᠨ ᠤ ᠬᠥᠮᠦᠵᠢᠯ ᠤᠨ ᠰᠠᠭᠤᠷᠢ ᠪᠠᠲᠤᠯᠠᠭ᠎ᠠ ᠶᠢ ᠪᠠᠲᠤᠳᠬᠠᠨ᠎ᠠ
ᠨᠡᠶᠢᠲᠡᠯᠡᠭᠰᠡᠨ ᠴᠠᠭ᠄
2023/3/15
   ᠡᠨᠡ ᠵᠢᠯ᠂ ᠬᠤᠷᠴᠢᠨ ᠲᠣᠭᠤᠷᠢᠭ ᠤᠨ ᠬᠢᠨ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠬᠤ ᠶᠢ ᠨᠠᠮ ᠢ ᠴᠢᠩᠭ᠎ᠠ ᠬᠠᠮᠢᠶᠠᠷᠴᠤ ᠨᠠᠮ ᠢ ᠴᠢᠩᠭ᠎ᠠ ᠵᠠᠰᠠᠬᠤ ᠶᠢᠨ ᠴᠢᠬᠤᠯᠠ ᠭᠠᠷᠳᠠᠴᠠ ᠪᠣᠯᠭᠠᠵᠤ᠂ ᠵᠢᠭᠰᠠᠭᠠᠯ ᠤᠨ ᠭᠠᠵᠠᠷ ᠢ ᠬᠦᠴᠦᠷᠬᠡᠭᠵᠢᠭᠦᠯᠬᠦ᠂ ᠪᠠᠭᠰᠢ ᠶᠢ ᠬᠦᠴᠦᠷᠬᠡᠭᠵᠢᠭᠦᠯᠬᠦ᠂ ᠬᠢᠴᠢᠶᠡᠯ ᠢ ᠬᠦᠴᠦᠷᠬᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠨᠠᠮ ᠤᠨ ᠭᠡᠰᠢᠭᠦᠨ ᠤ ᠬᠥᠮᠦᠵᠢᠯ ᠤᠨ ᠰᠠᠭᠤᠷᠢ ᠪᠠᠲᠤᠯᠠᠭ᠎ᠠ ᠶᠢ ᠲᠠᠰᠤᠷᠠᠯᠳᠡ ᠦᠭᠡᠢ ᠰᠢᠯᠢᠳᠡᠭᠵᠢᠭᠦᠯᠦᠨ ᠪᠠᠲᠤᠳᠬᠠᠪᠠ᠃ᠬᠤᠷᠴᠢᠨ ᠲᠣᠭᠤᠷᠢᠭ ᠨᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠨᠠᠮ ᠤᠨ ᠭᠡᠰᠢᠭᠦᠨ ᠤ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠲᠣᠭᠤᠷᠢᠭ᠂ ᠰᠤᠮᠤ ᠪᠠᠯᠭᠠᠰᠤ᠂ ︵ᠭᠠᠴᠠᠭ᠎ᠠ︶ ᠲᠣᠰᠬᠤᠨ ᠭᠤᠷᠪᠠᠨ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ ︽ᠨᠠᠮ ᠤᠨ ᠰᠤᠷᠭᠠᠭᠤᠯᠢ ᠶᠢᠨ ᠦᠨᠳᠦᠰᠦᠨ ᠱᠠᠲᠤᠨ ᠤ ᠠᠵᠢᠯᠯᠠᠭᠠᠨ ᠤ ᠲᠠᠰᠤᠭ︾ ᠢ ᠪᠠᠶᠢᠭᠤᠯᠤᠨ᠎ᠠ᠃ᠡᠭᠦᠨ ᠤ ᠵᠡᠷᠭᠡ ᠳᠤ᠂ ᠨᠠᠮ ᠤᠨ ᠰᠤᠷᠭᠠᠭᠤᠯᠢ᠂ ᠤᠯᠤᠰ ᠲᠥᠷᠥ ᠬᠠᠤᠯᠢ ᠴᠠᠭᠠᠵᠠ᠂ ᠰᠤᠷᠭᠠᠨ ᠬᠥᠮᠦᠵᠢᠯ᠂ ᠲᠠᠷᠢᠶᠠᠯᠠᠩ ᠮᠠᠯ ᠠᠵᠤ ᠠᠬᠤᠢ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ   ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠨᠠᠮ ᠤᠨ ᠭᠡᠰᠢᠭᠦᠨ ᠺᠠᠳ᠋ᠷᠴᠤᠳ   ᠢ ᠰᠢᠯᠢᠨ ᠰᠣᠩᠭᠤᠵᠤ ᠪᠠᠶᠢᠭᠠᠳ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ ᠤᠨ ᠯᠧᠺᠲ᠋ᠣᠷ ᠤᠨ ᠪᠦᠯᠬᠦᠮ   ᠢ ᠵᠣᠬᠢᠶᠠᠨ ᠪᠠᠶᠢᠭᠤᠯᠵᠤ᠂ ᠨᠠᠮ ᠤᠨ ᠭᠡᠰᠢᠭᠦᠨ ᠤ ᠰᠤᠷᠤᠯᠴᠠᠬᠤ ᠬᠡᠷᠡᠭᠴᠡᠭᠡ   ᠶᠢ ᠥᠷᠭᠡᠨ   ᠢᠶᠠᠷ ᠣᠶᠢᠯᠠᠭᠠᠨ᠂ ︽ᠤᠯᠤᠰ ᠲᠥᠷᠥ   ᠶᠢᠨ ᠣᠨᠣᠯ ᠤᠨ ᠵᠠᠪᠠᠯ ᠰᠤᠷᠬᠤ ᠬᠢᠴᠢᠶᠡᠯ ᠤᠨ ᠴᠢᠳᠠᠪᠤᠷᠢ   ᠶᠢ ᠳᠡᠭᠡᠭᠰᠢᠯᠡᠭᠦᠯᠬᠦ ᠲᠤᠰᠬᠠᠢ ᠬᠢᠴᠢᠶᠡᠯ︾ ︱ ︽1N︾ ᠬᠢᠴᠢᠶᠡᠯ ᠤᠨ ᠰᠢᠰᠲ᠋ᠧᠮ   ᠢ ᠨᠡᠭᠡᠭᠡᠨ ᠬᠥᠭᠵᠢᠭᠦᠯᠵᠦ᠂ ᠣᠲᠣ ᠨᠢᠭᠡᠨᠲᠡ 2 ᠲᠥᠷᠥᠯ ᠤᠨ ᠣᠨᠣᠯ ᠤᠨ ᠬᠢᠴᠢᠶᠡᠯ ᠤᠨ ᠵᠠᠪᠠᠯ ᠰᠤᠷᠬᠤ ᠬᠢᠴᠢᠶᠡᠯ᠂ 6 ᠲᠥᠷᠥᠯ ᠤᠨ ᠲᠤᠰᠬᠠᠢ ᠮᠡᠷᠭᠡᠵᠢᠯ   ᠢ ᠳᠡᠭᠡᠭᠰᠢᠯᠡᠭᠦᠯᠬᠦ ᠲᠤᠰᠬᠠᠢ ᠬᠢᠴᠢᠶᠡᠯ   ᠢ ᠦᠢᠯᠡᠳᠴᠦ ᠳᠠᠭᠤᠰᠬᠠᠵᠠᠢ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号